ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  2022 ᠣᠨ ᠤ ᠨᠢᠭᠡᠳᠦᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2022/8/25
  ︽ᠤᠷᠠᠳ ᠤᠨ ᠡᠮᠦᠨᠡᠲᠦ ᠬᠤᠰᠢᠭᠤᠨ ᠳᠤ ᠣᠷᠣᠭᠰᠠᠳ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ             ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠳᠤ᠄           ᠡᠳᠦᠭᠡ ︽ᠤᠷᠠᠳ ᠤᠨ ᠡᠮᠦᠨᠡᠲᠦ ᠬᠤᠰᠢᠭᠤᠨ ᠳᠤ ᠣᠷᠣᠭᠰᠠᠨ ︵ᠪᠤᠴᠠᠭᠰᠠᠨ︶ ᠬᠥᠮᠦᠰ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃                                 ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                    ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                      2022 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠤᠷᠠᠳ ᠤᠨ ᠡᠮᠦᠨᠡᠲᠦ ᠬᠤᠰᠢᠭᠤᠨ ᠳᠤ ᠣᠷᠣᠬᠤ ᠪᠠᠷ ᠪᠠᠶᠢᠭ᠎ᠠ ᠨᠠᠶᠢᠵᠠ ᠨᠠᠷ ᠡ᠄       ᠣᠳᠣᠬᠠᠨ ᠳᠤ᠂ ᠪᠦᠬᠦ ᠳᠡᠯᠡᠬᠡᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠡᠭᠦᠰᠴᠦ᠂ ᠤᠯᠤᠰ ᠤᠨ ᠳᠣᠲᠣᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠲᠠᠷᠬᠠᠨ ᠳᠡᠯᠭᠡᠷᠡᠬᠦ ᠪᠠ ᠬᠡᠪᠴᠢᠶ᠎ᠡ ᠲᠥᠪᠯᠡᠷᠡᠬᠦ ᠵᠡᠷᠭᠡ ᠪᠠᠷ ᠣᠷᠣᠰᠢᠬᠤ ᠪᠠᠶᠢᠳᠠᠯ ᠢᠯᠡᠷᠡᠵᠦ ᠪᠠᠶᠢᠨ᠎ᠠ᠂ ᠢᠯᠠᠩᠭᠤᠶ᠎ᠠ ᠰᠢᠨ᠎ᠡ ᠲᠢᠲᠢᠮᠯᠢᠭ ᠸᠢᠷᠦ᠋ᠰ ᠨᠡᠩ ᠥᠨᠳᠥᠷ ᠬᠠᠯᠳᠠᠪᠤᠷᠢᠯᠠᠬᠤ ᠴᠢᠨᠠᠷᠲᠠᠢ ᠪᠠᠶᠢᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠦᠷᠭᠦᠯᠵᠢᠯᠡᠨ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠡᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠠᠢ᠃ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠤᠷᠠᠭᠤᠯᠵᠤ᠂ ᠲᠠ ᠪᠣᠯᠤᠨ ᠬᠡᠷ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠰ ᠡᠳᠦᠷ ᠠᠴᠠ ᠡᠬᠢᠯᠡᠨ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠣᠷᠣᠵᠤ ᠢᠷᠡᠭᠰᠡᠨ ︵ᠪᠤᠴᠠᠵᠤ ᠢᠷᠡᠭᠰᠡᠨ︶ ᠬᠥᠮᠦᠨ ᠪᠦᠬᠦᠨ ᠳᠤ᠂ ᠲᠠ ᠭᠠᠳᠠᠭᠰᠢ ᠭᠠᠷᠬᠤ ᠠᠴᠠ 3 ᠡᠳᠦᠷ ᠤᠨ ᠡᠮᠦᠨ᠎ᠡ ︽ᠤᠷᠠᠳ ᠤᠨ ᠡᠮᠦᠨᠡᠲᠦ ᠬᠤᠰᠢᠭᠤᠨ ᠳᠤ ᠣᠷᠣᠵᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ ᠬᠤᠶᠠᠷ ᠬᠡᠮᠵᠢᠯᠳᠦ ᠺᠣᠳ᠋︾ ᠢ ᠰᠢᠷᠪᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠨ ᠬᠦᠷᠭᠡᠵᠦ ᠳᠠᠩᠰᠠᠯᠠᠭᠤᠯᠤᠭᠠᠷᠠᠶ᠃ ᠤᠷᠠᠳ ᠤᠨ ᠡᠮᠦᠨᠡᠲᠦ ᠬᠤᠰᠢᠭᠤᠨ ᠤ ᠬᠢᠯᠢ ᠳᠤ ᠤᠷᠤᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠰᠤᠷᠪᠤᠯᠵᠢᠯᠠᠭᠰᠠᠨ ᠨᠢᠭᠡᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠮᠡᠳᠡᠭᠦᠯᠵᠦ᠂ ᠪᠠᠶᠠᠨᠨᠠᠭᠤᠷ ᠬᠤᠲᠠ ᠵᠢᠴᠢ ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠬᠠᠷᠢᠭᠤᠴᠠᠯᠭ᠎ᠠ ᠪᠠᠨ ᠭᠦᠢᠴᠡᠳᠭᠡᠵᠦ᠂  ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠥᠬᠡᠶ᠂ ᠬᠤᠳᠠᠯ ᠢᠶᠠᠷ ᠮᠡᠳᠡᠭᠦᠯᠵᠦ᠂ ᠨᠢᠭᠤᠵᠤ ᠳᠠᠷᠤᠭᠠᠳ ᠮᠡᠳᠡᠭᠦᠯᠦᠭᠰᠡᠨ ᠥᠬᠡᠶ ᠠᠴᠠ ᠪᠣᠯᠵᠣ ᠬᠢᠵᠢᠭ ᠲᠠᠷᠬᠠᠬᠤ ᠳᠤ ᠭᠦᠷᠪᠡᠯ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠰ ᠣᠯᠠᠨᠲᠠ ᠶᠠᠪᠤᠵᠤ᠂ ᠨᠤᠲᠤᠭ ᠲᠠᠭᠠᠨ ᠪᠤᠴᠠᠬᠤ ᠵᠠᠮ ᠬᠤᠯᠠ ᠪᠣᠯᠬᠤᠷ ᠬᠠᠯᠳᠠᠪᠤᠷᠢᠯᠠᠬᠤ ᠠᠶᠤᠯ ᠲᠦᠭᠰᠢᠭᠦᠷᠢ ᠲᠦᠢᠯ ᠤᠨ ᠠᠮᠠᠷᠬᠠᠨ ᠢᠶᠠᠷ ᠨᠡᠮᠡᠭᠳᠡᠨ᠎ᠡ᠃ ᠬᠢᠵᠢᠭ ᠤᠨ ᠪᠠᠶᠢᠳᠠᠯ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠨ ᠬᠠᠷ᠎ᠠ ᠶᠢᠨ ᠨᠡᠭᠦᠳᠡᠯ ᠠᠴᠠ ᠪᠣᠯᠵᠣ ᠬᠠᠯᠳᠠᠪᠤᠷᠢᠯᠠᠬᠤ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠢᠳᠡ ᠤᠷᠠᠳ ᠤᠨ ᠡᠮᠦᠨᠡᠲᠦ ᠬᠤᠰᠢᠭᠤᠨ ᠳᠤ ᠨᠤᠲᠤᠭ ᠲᠠᠢ ᠬᠥᠮᠦᠰ ᠪᠣᠯᠤᠨ ᠭᠠᠳᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠨᠠᠷ ᠠᠯᠢ ᠴᠢᠳᠠᠬᠤ ᠪᠠᠷ ᠲᠤᠬᠠᠶ ᠶᠢᠨ ᠭᠠᠵᠠᠷ ᠲᠠᠭᠠᠨ ᠰᠢᠨᠡᠯᠡᠵᠦ᠂ ᠴᠢᠬᠤᠯᠠ ᠪᠤᠰᠤ ᠪᠠᠶᠢᠳᠠᠯ ᠳᠤ ᠶᠠᠪᠤᠵᠤ ᠰᠠᠭᠤᠬᠤ ᠶᠢ ᠪᠠᠭᠠᠰᠬᠠᠬᠤ ᠶᠢ ᠤᠷᠢᠶᠠᠯᠠᠵᠤ ᠪᠠᠶᠢᠨ᠎ᠠ᠂ ᠣᠯᠠᠨ ᠢᠶᠠᠷ ᠢᠶᠠᠨ ᠴᠢᠬᠤᠯᠠ ᠪᠣᠰᠤ ᠪᠣᠯ ᠤᠷᠠᠳ ᠤᠨ ᠡᠮᠦᠨᠡᠲᠦ ᠬᠤᠰᠢᠭᠤᠨ ᠳᠤ ᠪᠤᠴᠠᠬᠤ ᠦᠭᠡᠢ᠂ ᠴᠢᠬᠤᠯᠠ ᠪᠣᠰᠤ ᠪᠣᠯ ᠤᠷᠠᠳ ᠤᠨ ᠡᠮᠦᠨᠡᠲᠦ ᠬᠤᠰᠢᠭᠤᠨ ᠠᠴᠠ ᠰᠠᠯᠬᠤ ᠦᠭᠡᠢ ᠪᠠᠶᠢᠬᠤ ᠬᠡᠷᠡᠭᠲᠡᠢ᠃      ᠬᠠᠮᠤᠭ ᠡᠴᠦᠰ ᠲᠤ᠂ ᠤᠷᠠᠳ ᠤᠨ ᠡᠮᠦᠨᠡᠲᠦ ᠬᠤᠰᠢᠭᠤᠨ ᠤ ᠭᠠᠳᠠᠷ ᠣᠷᠣᠨ ᠳᠤ ᠪᠠᠶᠢᠭ᠎ᠠ ᠨᠠᠶᠢᠵᠠ ᠨᠥᠬᠦᠳ ᠤᠨ ᠬᠢᠨ ᠤ ᠨᠤᠲᠤᠭ ᠤᠰᠤᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠶᠢᠯᠠᠭᠠᠵᠤ᠂ ᠳᠡᠮᠵᠢᠵᠦ᠂ ᠬᠠᠮᠵᠢᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠄ 0478—321859  ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478—2216466  ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478—3260775                                      ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                      ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                       2022 ᠣᠨ ᠤ 1ᠳ᠋ᠦ᠋ᠭᠡᠷ ᠰᠠᠷ᠎ᠠ ᠶᠢᠨ 10 ᠤ ᠡᠳᠦᠷ  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ