ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/8/25
     ᠠᠵᠢᠯ ᠤᠨ ᠬᠠᠷᠢᠭᠤᠴᠠᠯᠭ᠎ᠠ      ︵ᠨᠢᠭᠡ︶ ᠤᠯᠤᠰ ᠤᠨ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠡᠯ᠎ᠡ ᠵᠦᠶ᠋ᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠳᠤᠮᠳᠠ᠂ ᠤᠷᠲᠤ ᠬᠤᠭᠤᠴᠠᠭᠠᠨ ᠤ ᠲᠥᠯᠥᠪᠵᠢᠭᠦᠯᠭᠡ ᠶᠢᠨ ᠣᠨ ᠤ ᠲᠥᠯᠥᠪᠯᠡᠭᠡ᠂ ᠠᠵᠢᠯ ᠤᠨ ᠬᠠᠷᠠᠯᠲᠠ ᠶᠢ ᠲᠣᠭᠲᠠᠭᠠᠨ᠎ᠠ᠃ ᠲᠡᠷᠡᠴᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠵᠤ ᠰᠢᠯᠭᠠᠨ ᠠᠪᠤᠨ᠎ᠠ᠃     ︵ᠬᠤᠶᠠᠷ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠦᠨ᠎ᠡ︔ ᠡᠯ᠎ᠡ ᠲᠥᠷᠥᠯ ᠤᠨ ᠲᠡᠳᠬᠦᠮᠵᠢ ᠬᠦᠷᠲᠡᠬᠦ ᠡᠲᠡᠭᠡᠳ ᠲᠤ ᠲᠡᠳᠬᠦᠮᠵᠢ ᠬᠦᠷᠳᠡᠭᠡᠬᠦ ᠲᠣᠭᠲᠠᠭᠠᠯ ᠬᠢᠭᠡᠳ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ︵ᠭᠤᠷᠪᠠ︶ ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ ᠶᠢ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠨ ᠱᠠᠳᠤᠨ ᠤ ᠲᠦᠷᠦ ᠶᠢᠨ ᠡᠷᠭᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ ᠪᠠ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠭᠠᠴᠠᠭᠠᠨ ᠤ ᠠᠷᠠᠳ ᠤᠨ ᠵᠥᠪᠯᠡᠯ ᠤᠨ ᠰᠣᠩᠭᠤᠭᠤᠯᠢ᠂ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠵᠢᠯᠣᠭᠤᠳᠴᠤ᠂ ᠭᠠᠴᠠᠭᠠᠨ ᠤ ᠶᠠᠪᠤᠳᠠᠯ ᠢ ᠢᠯᠡ ᠪᠤᠯᠭᠠᠬᠤ ᠪᠠ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠵᠥᠪᠯᠡᠯ ᠤᠨ ᠪᠠᠶᠢᠭᠤᠯᠤᠯᠲᠠ ᠶᠢ ᠵᠢᠯᠣᠭᠤᠳᠴᠤ᠂ ᠨᠡᠶᠢᠭᠡᠮ ᠲᠣᠭᠤᠷᠢᠭ ᠤᠨ ᠠᠵᠢᠯ᠂  ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ︵ᠳᠥᠷᠪᠡ︶ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠰᠢᠯᠵᠢᠭᠰᠡᠳ᠂ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ ᠢ ᠬᠦᠯᠢᠶᠡᠨ ᠠᠪᠴᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ︔ ᠴᠡᠷᠢᠭ ᠠᠩᠭᠢ ᠪᠠ ᠣᠷᠣᠨ ᠨᠤᠲᠤᠭ ᠤᠨ ︽ᠬᠤᠶᠠᠷ ᠬᠡᠷᠡᠭᠴᠡᠭᠡᠲᠦ︾ ᠴᠢᠳᠠᠪᠤᠷᠢᠲᠠᠨ ᠢ ᠪᠣᠯᠪᠠᠰᠤᠷᠠᠭᠤᠯᠬᠤ᠂ ᠬᠡᠷᠡᠭᠯᠡᠬᠦ ᠠᠵᠢᠯ ᠢ ᠬᠠᠷᠢᠭᠤᠴᠠᠨ᠎ᠠ᠃    ︵ᠲᠠᠪᠤ︶ ᠪᠥᠬᠦ ᠬᠤᠰᠢᠭᠤᠨ ᠤ ᠭᠠᠮᠰᠢᠭ ᠠᠴᠠ ᠠᠪᠤᠷᠠᠨ ᠲᠡᠳᠬᠦᠬᠦ ᠠᠵᠢᠯ ᠢ ᠬᠠᠷᠢᠭᠤᠴᠠᠨ᠎ᠠ᠃ ᠭᠠᠮᠰᠢᠭ ᠤᠨ ᠪᠠᠶᠢᠳᠠᠯ ᠢ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠬᠤᠯᠪᠣᠭᠳᠠᠯ ᠪᠦᠬᠦᠢ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ︔ ᠭᠠᠮᠰᠢᠭ ᠠᠴᠠ ᠠᠪᠤᠷᠠᠨ ᠲᠤᠰᠠᠯᠠᠭᠰᠠᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ᠂ ᠬᠤᠪᠢᠶᠠᠷᠢᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠡᠷᠡᠭᠯᠡᠵᠦ ᠪᠠᠶ᠋ᠭ᠎ᠠ ᠪᠠᠶᠢᠳᠠᠯ ᠢ ᠪᠠᠶᠢᠴᠠᠭᠠᠵᠤ᠂ ᠲᠡᠭᠦᠨ ᠳᠤ ᠬᠢᠨᠠᠯᠲᠠ ᠲᠠᠯᠪᠢᠨ᠎ᠠ︔ ᠭᠠᠮᠰᠢᠭᠳᠠᠭᠰᠠᠨ ᠠᠷᠠᠳ ᠢ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠤᠨ ᠳᠠᠷᠠᠭ᠎ᠠ ᠦᠶ᠋ᠯᠡᠳᠪᠦᠷᠢᠯᠡᠯ ᠢᠶᠠᠨ ᠡᠬᠢᠯᠡᠬᠦᠯᠵᠤ ᠦᠪᠡᠷ ᠢ ᠪᠠᠨ ᠠᠪᠤᠷᠠᠨ ᠲᠡᠳᠬᠦᠬᠦ ᠠᠵᠢᠯ ᠢ ᠵᠢᠯᠣᠭᠤᠳᠤᠨ᠎ᠠ᠃    ︵ᠵᠢᠷᠭᠤᠭ᠎ᠠ︶ ᠪᠥᠬᠦ ᠬᠤᠰᠢᠭᠤᠨ ᠤ ᠴᠢᠨᠠᠷᠲᠠᠶ ᠨᠡᠶᠢᠭᠡᠮ ᠤᠨ ᠪᠦᠯᠬᠦᠮ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠨ ᠲᠡᠮᠳᠡᠭᠯᠡᠬᠦ ᠪᠠ ᠣᠨ ᠤ ᠪᠠᠶᠢᠴᠠᠭᠠᠯᠲᠠ ᠶᠢᠨ ᠠᠵᠢᠯ ᠢ ᠬᠢᠵᠦ᠂ ᠨᠡᠶᠢᠭᠡᠮ ᠲᠣᠭᠤᠷᠢᠭ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ᠂ ᠨᠡᠶᠢᠭᠡᠮ ᠤᠨ ᠪᠦᠯᠬᠦᠮ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠳᠠᠩᠰᠠᠯᠠᠨ ᠲᠡᠮᠳᠡᠭᠯᠡᠭᠦᠯᠦᠭᠰᠡᠨ ᠦᠭᠡᠢ ᠪᠠᠷ ᠨᠡᠶᠢᠭᠡᠮ ᠤᠨ ᠪᠦᠯᠬᠦᠮ ᠤᠨ ᠨᠡᠷ᠎ᠡ ᠪᠠᠷ ᠠᠵᠢᠯᠯᠠᠭ᠎ᠠ ᠥᠷᠨᠢᠭᠦᠯᠦᠭᠰᠡᠨ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢ ᠪᠠᠶᠢᠴᠠᠭᠠᠨ ᠰᠢᠶ᠋ᠳᠪᠦᠷᠢᠯᠡᠵᠤ᠂ ᠬᠢᠯᠢ ᠶᠢᠨ ᠭᠠᠳᠠᠨᠠᠬᠢ ᠬᠥᠮᠦᠰ ᠤᠨ ᠮᠠᠨ ᠤ ᠬᠤᠰᠢᠭᠤᠨ ᠤ ᠬᠢᠯᠢ ᠳᠣᠲᠣᠷ᠎ᠠ ᠪᠠᠶᠢᠭᠤᠯᠤᠭᠰᠠᠨ ᠨᠡᠶᠢᠭᠡᠮ ᠤᠨ ᠪᠦᠯᠬᠦᠮ ᠢ ᠳᠠᠩᠰᠠᠯᠠᠨ ᠬᠠᠮᠢᠶᠠᠷᠤᠨ᠎ᠠ︔ ᠨᠡᠶᠢᠭᠡᠮ ᠲᠣᠭᠤᠷᠢᠭ ᠪᠣᠯᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠵᠢᠯᠣᠭᠤᠳᠤᠨ᠂ ᠬᠢᠨᠠᠯᠲᠠ ᠲᠠᠯᠪᠢᠵᠤ ᠪᠠᠶᠢᠭᠠᠳ ᠬᠡᠪ ᠤᠨ ᠠᠵᠢᠯ ᠢ ᠥᠷᠨᠢᠭᠦᠯᠦᠨ᠎ᠡ᠃    ︵ᠳᠣᠯᠤᠭ᠎ᠠ︶ ᠪᠥᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠲᠤᠬᠠᠶ ᠬᠡᠷᠡᠭᠵᠢᠭᠦᠯᠬᠦ ᠰᠠᠨᠠᠯ ᠢ ᠲᠤᠭᠳᠠᠭᠠᠬᠤ ᠪᠠ ᠬᠠᠷᠠᠭᠠᠯᠵᠠᠬᠤ ᠡᠯ᠎ᠡ ᠵᠦᠶ᠋ᠯ ᠤᠨ ᠲᠥᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠬᠤ︔ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ᠂ ᠠᠯᠪᠠᠨ ᠶᠠᠪᠤᠳᠠᠯ ᠢᠶᠠᠷ ᠦᠬᠦᠵᠦ ᠰᠢᠷᠬᠠᠲᠤᠭᠰᠠᠨ ᠬᠥᠮᠦᠰ ᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠪᠠ ᠰᠠᠶᠢᠰᠢᠶᠠᠨ ᠬᠦᠬᠢᠬᠦᠯᠬᠦ ᠠᠵᠢᠯ ᠢ ᠳᠠᠭᠠᠭᠠᠨ ᠠᠪᠴᠤ ᠰᠢᠶ᠋ᠳᠪᠦᠷᠢᠯᠡᠨ᠎ᠡ︔ ᠴᠡᠷᠢᠭ ᠠᠴᠠ ᠬᠠᠯᠠᠭᠳᠠᠭᠰᠠᠳ᠂ ᠲᠥᠷᠦ ᠶᠢᠨ ᠪᠠᠶᠢᠭᠤᠯᠭ᠎ᠠ ᠪᠠ ᠤᠯᠠᠨ ᠲᠦᠮᠡᠨᠴᠢ ᠪᠦᠯᠬᠦᠮ ᠤᠨ ᠠᠵᠢᠯᠲᠠᠨ ᠵᠢᠴᠢ ᠲᠠᠶᠢᠨ ᠳᠤ ᠤᠷᠤᠯᠴᠠᠭᠰᠠᠨ ᠡᠷᠦᠬᠡ ᠶᠢᠨ ᠴᠡᠷᠢᠭ ᠂ ᠬᠦᠯᠦᠰᠦᠨ ᠠᠵᠢᠯᠴᠢᠨ ᠤ ᠵᠡᠮᠳᠡᠭ ᠤᠨ ᠭᠡᠮᠵᠢᠶ᠎ᠠ ᠶᠢ ᠦᠨᠡᠯᠡᠬᠦ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠭᠤᠤᠯᠳᠠᠯᠭ᠎ᠠ ᠲᠠᠢ ᠳᠤᠷᠠᠰᠬᠠᠯ ᠤᠨ ᠪᠠᠷᠢᠯᠭ᠎ᠠ ᠶᠢᠨ ᠬᠠᠮᠠᠭᠠᠯᠠᠯᠳᠠ ᠶᠢᠨ ᠨᠢᠭᠡᠴᠡ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠦᠨ᠎ᠡ︔ ᠪᠦᠬᠦ ᠬᠤᠰᠢᠭᠤᠨ ᠤ ᠠᠰᠠᠷᠠᠨ ᠬᠠᠷᠠᠭᠠᠯᠵᠠᠬᠤ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠨ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃     ︵  ᠨᠠᠢᠮᠠ︶ ᠪᠥᠬᠦ ᠬᠤᠰᠢᠭᠤᠨ ᠤ ᠣᠷᠤᠭ ᠤᠨ ᠳᠠᠩᠰᠠᠯᠠᠭᠤᠯᠤᠯᠲᠠ ᠶᠢ ᠬᠠᠮᠢᠶᠠᠷᠬᠤ᠂ ᠬᠡᠦᠬᠡᠳ ᠡᠷᠭᠦᠨ ᠲᠡᠵᠢᠭᠡᠬᠦ ᠶᠢ ᠳᠠᠩᠰᠠᠯᠠᠨ ᠬᠠᠮᠢᠶᠠᠷᠬᠤ ᠠᠵᠢᠯ ᠢ ᠬᠠᠷᠢᠭᠤᠴᠠᠨ᠎ᠠ᠃     ︵ᠶᠢᠰᠦ︶ ᠪᠥᠬᠦ ᠬᠤᠰᠢᠭᠤᠨ ᠤ ᠵᠠᠰᠠᠭ ᠵᠠᠬᠢᠷᠭᠠᠨ ᠤ ᠤᠷᠤᠨ ᠤ ᠬᠤᠪᠢᠶᠠᠷᠢ ᠶᠢᠨ ᠶᠡᠷᠦᠩᠬᠡᠶ ᠲᠥᠯᠥᠪᠵᠢᠭᠦᠯᠭᠡ ᠶᠢ ᠲᠥᠯᠥᠪᠯᠡᠨ ᠲᠣᠭᠲᠠᠭᠠᠨ᠎ᠠ︔ ᠰᠤᠮᠤ ᠪᠠᠯᠭᠠᠰᠤ᠂ ᠭᠠᠴᠠᠭ᠎ᠠ ᠲᠣᠰᠬᠤᠨ ᠤ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠠᠰᠤᠬᠤ᠂ ᠲᠣᠬᠢᠷᠠᠭᠤᠯᠬᠤ᠂ ᠨᠡᠷ᠎ᠡ ᠬᠠᠯᠠᠬᠤ ᠪᠠ ᠵᠠᠭᠠᠭ ᠱᠤᠭᠤᠮ ᠢ ᠬᠤᠪᠢᠷᠠᠭᠤᠯᠬᠤ ᠵᠢᠴᠢ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠨ ᠰᠢᠯᠵᠢᠭᠦᠯᠬᠦ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃     ︵ᠠᠷᠪᠠ︶ ᠭᠠᠵᠠᠷ ᠤᠨ ᠨᠡᠷ᠎ᠡ ᠶᠢᠨ ᠠᠵᠢᠯ ᠢ ᠭᠤᠤᠯᠴᠢᠯᠠᠨ ᠬᠠᠮᠢᠶᠠᠷᠴᠤ᠂ ᡾ ᠣᠷᠣᠨ ᠤ ᠬᠤᠪᠢᠶᠠᠷᠢ ᠶᠢᠨ ᠨᠡᠷᠡᠶᠢᠳᠦᠯ ᠵᠢᠴᠢ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠶᠢᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠪᠠᠷᠢᠮᠵᠢᠶᠠᠲᠤ ᠭᠠᠵᠠᠷ ᠤᠨ ᠨᠡᠷᠡᠶᠢᠳᠦᠯ ᠢ ᠨᠡᠶᠢᠲᠡᠯᠡᠨ᠎ᠡ︔ ᠪᠦᠬᠦ ᠬᠤᠰᠢᠭᠤᠨ ᠤ ᠭᠠᠵᠠᠷ ᠤᠨ ᠨᠡᠷᠡᠶᠢᠳᠦᠯ ᠤᠨ ᠲᠡᠮᠳᠡᠭ ᠤᠨ ᠪᠠᠶᠢᠷᠢᠯᠠᠭᠤᠯᠤᠯᠲᠠ ᠪᠠ ᠬᠠᠮᠢᠶᠠᠷᠤᠯᠲᠠ ᠶᠢ ᠳᠦᠷᠢᠮᠵᠢᠭᠦᠯᠦᠨ᠎ᠡ᠃ ᠭᠠᠵᠠᠷ ᠤᠨ ᠨᠡᠷᠡᠶᠢᠳᠦᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠤᠨ ᠨᠣᠮ ᠪᠢᠴᠢᠭ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠬᠠᠷᠢᠭᠤᠴᠠᠵᠤ᠂ ᠰᠤᠮᠤ ᠪᠠᠯᠭᠠᠰᠤᠨ ᠤ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠬᠤᠰᠢᠭᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠠᠶᠢᠨ ᠲᠣᠭᠲᠠᠭᠠᠵᠤ ᠵᠣᠬᠢᠴᠠᠭᠤᠯᠬᠤ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ︔ ᡾ ᠪᠦᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠬᠤᠲᠠ ᠬᠥᠳᠡᠭᠡ ᠶᠢᠨ ᠵᠠᠭᠠᠭ ᠬᠢᠵᠠᠭᠠᠷ ᠤᠨ ᠮᠠᠷᠭᠤᠯᠳᠤᠭᠠᠨ ᠢ ᠪᠠᠶᠢᠴᠠᠭᠠᠬᠤ ᠪᠠ ᠰᠢᠶ᠋ᠳᠪᠦᠷᠢᠯᠡᠬᠦ ᠠᠵᠢᠯ ᠢ ᠬᠠᠷᠢᠭᠤᠴᠠᠨ᠎ᠠ︔ ᠵᠠᠭᠠᠭ ᠬᠠᠶᠢᠬᠤ ᠮᠠᠲ᠋ᠧᠷᠢᠶᠠᠯ ᠤᠨ ᠰᠢᠯᠭᠠᠨ ᠠᠪᠬᠤ᠂ ᠮᠡᠳᠡᠭᠦᠯᠦᠨ ᠵᠥᠪᠰᠢᠶᠡᠷᠡᠭᠦᠯᠬᠦ᠂ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠨᠠᠷᠢᠨ ᠵᠢᠷᠤᠭ ᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠠᠭᠠᠨ ᠡᠷᠬᠢᠯᠡᠨ᠎ᠡ᠃      ︵ᠠᠷᠪᠠᠨ ᠬᠤᠶᠠᠷ︶ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠬᠦᠯᠭᠡ ᠪᠠ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠥᠬᠦᠭᠡᠷᠦᠮᠵᠢ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ︔ ᠨᠡᠶᠢᠭᠡᠮ ᠤᠨ ᠠᠰᠠᠷᠠᠮᠵᠢ ᠶᠢᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠵᠤ ᠳᠡᠭᠡᠭᠰᠢ ᠮᠡᠳᠡᠭᠦᠯᠬᠦ ᠠᠵᠢᠯ ᠢ ᠳᠠᠭᠠᠭᠠᠨ ᠭᠦᠶ᠋ᠴᠡᠳᠬᠡᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠷᠠᠳ ᠠᠴᠠ ᠡᠷᠬᠢᠯᠡᠭᠰᠡᠨ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠶᠢᠨ ᠬᠠᠮᠲᠤ ᠬᠠᠮᠢᠶᠠᠷᠤᠨ᠎ᠠ᠃ ᠪᠦᠬᠦ ᠬᠤᠰᠢᠭᠤᠨ ᠤ ᠴᠢᠨᠠᠷᠲᠠᠶ ᠨᠡᠶᠢᠭᠡᠮ ᠤᠨ ᠠᠰᠠᠷᠠᠮᠵᠢ ᠶᠢᠨ ᠬᠠᠨᠳᠢᠪ᠂ ᠵᠢᠷᠤᠮ ᠤᠨ ᠲᠣᠭᠯᠠᠯᠲᠠ ᠶᠢ ᠬᠠᠮᠢᠶᠠᠷᠤᠨ᠎ᠠ᠃ ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢ ᠲᠠᠷᠬᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ᠎ᠡ︔ ᠲᠤᠰ ᠱᠠᠲᠤᠨ ᠤ ᠨᠢᠭᠦᠯᠡᠰᠦᠩᠭᠦᠶ ᠶᠢᠨ ᠠᠰᠠᠷᠠᠮᠵᠢ ᠶᠢᠨ ᠰᠠᠭᠤᠷᠢ ᠮᠥᠩᠭᠦ ᠶᠢ ᠬᠠᠮᠢᠶᠠᠷᠴᠤ᠂ ᠪᠦᠬᠦ ᠬᠤᠰᠢᠭᠤᠨ ᠤ ᠠᠰᠠᠷᠠᠮᠵᠢ ᠶᠢᠨ ᠪᠡᠯᠡ ᠮᠥᠩᠭᠦ ᠶᠢ ᠬᠠᠮᠢᠶᠠᠷᠴᠤ ᠬᠡᠷᠡᠭᠯᠡᠬᠦ ᠳᠤ ᠬᠢᠨᠠᠯᠲᠠ ᠲᠠᠯᠪᠢᠨ᠎ᠠ᠃      ︵ᠠᠷᠪᠠᠨ ᠭᠤᠷᠪᠠ︶ ᠣᠯᠠᠨ ᠨᠡᠶᠢᠲᠡ ᠶᠢᠨ ᠤᠷᠤᠰᠢᠭᠤᠯᠭ᠎ᠠ ᠶᠢᠨ ᠭᠠᠵᠠᠷ ᠢ ᠮᠡᠳᠡᠭᠦᠯᠬᠦ ᠶᠢ ᠬᠢᠨᠠᠨ ᠬᠠᠷᠭᠤᠭᠤᠯᠬᠤ ︵ᠬᠢᠨᠠᠨ ᠵᠥᠪᠰᠢᠶᠡᠷᠡᠬᠦ︶ ᠶᠢ ᠬᠠᠷᠢᠭᠤᠴᠠᠨ᠎ᠠ︔ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠠᠤᠯᠢ ᠪᠤᠰᠤ ᠣᠷᠣᠰᠢᠭᠤᠯᠭ᠎ᠠ ᠶᠢ ᠪᠠᠶᠢᠴᠠᠭᠠᠨ  ᠰᠢᠢᠳᠪᠦᠷᠢᠯᠡᠨ᠎ᠡ︔ ᡽ ᠣᠷᠣᠰᠢᠭᠤᠯᠭ᠎ᠠ ᠶᠢᠨ ᠠᠵᠢᠯ ᠦᠢᠯᠡᠰ ᠤᠨ ᠨᠢᠭᠡᠴᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠰᠠᠭᠤᠷᠢ ᠲᠥᠬᠦᠭᠡᠷᠦᠮᠵᠢ ᠶᠢ ᠰᠢᠨᠡᠳᠬᠡᠬᠦ ᠠᠵᠢᠯ ᠢ ᠵᠢᠯᠣᠭᠤᠳᠤᠨ᠎ᠠ᠃      ︵ᠠᠷᠪᠠᠨ ᠳᠦᠷᠪᠡ︶ ᠨᠠᠰᠤᠲᠠᠶᠢᠴᠤᠳ ᠤᠨ ᠠᠵᠢᠯ ᠢ ᠶᠡᠷᠦᠩᠬᠡᠶᠢᠯᠡᠨ ᠵᠣᠬᠢᠴᠠᠭᠤᠯᠬᠤ᠂ ᠨᠢᠭᠡᠳᠦᠯᠲᠡᠶ ᠲᠥᠯᠥᠪᠵᠢᠭᠦᠯᠬᠦ᠂ ᠪᠠᠶᠢᠴᠠᠭᠠᠨ ᠰᠤᠳᠤᠯᠤᠯᠲᠠ ᠬᠢᠬᠦ ᠶᠢ ᠬᠠᠷᠢᠭᠤᠴᠠᠵᠤ᠂ ᠨᠠᠰᠤᠲᠠᠶᠢᠴᠤᠳ ᠤᠨ  ᠦᠢᠯᠡᠰ ᠢ ᠬᠥᠭᠵᠢᠭᠦᠯᠬᠦ ᠰᠠᠨᠠᠯ ᠢ ᠳᠤᠷᠠᠳᠤᠨ ᠭᠠᠷᠭᠠᠵᠤ᠂ ᠨᠠᠰᠤᠲᠠᠶᠢᠴᠤᠳ ᠤᠨ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠠᠷᠪᠠᠨ ᠲᠠᠪᠤ︶ ᠬᠤᠲᠠ ᠪᠠᠯᠭᠠᠰᠤ ᠪᠠᠷ ᠪᠠᠶᠢᠭ᠎ᠠ ᠠᠮᠢᠳᠤᠷᠠᠯ ᠨᠢ ᠨᠠᠶᠢᠳᠠᠪᠤᠷᠢ ᠦᠭᠡᠢ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠵᠤ ᠬᠠᠮᠢᠶᠠᠷᠬᠤ ᠠᠵᠢᠯ ᠢ ᠰᠠᠶᠢᠲᠤᠷ ᠬᠢᠵᠦ᠂ ᠨᠠᠰᠤᠨ ᠳᠤ ᠦᠯᠦ ᠬᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠠᠵᠢᠯ ᠢ ᠬᠠᠷᠢᠭᠤᠴᠠᠨ ᠬᠡᠷᠡᠭᠵᠢᠭᠦᠯᠦᠨ᠎ᠡ᠃     ︵ᠠᠷᠪᠠᠨ ᠵᠢᠷᠭᠤᠭ᠎ᠠ︶ ᠡᠳ᠋ ᠮᠥᠩᠭᠦ ᠪᠠ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ᠂ ᠠᠷᠠᠳ ᠤᠨ ᠶᠠᠪᠤᠳᠠᠯ ᠤᠨ ᠦᠢᠯᠡᠰ ᠤᠨ ᠵᠠᠷᠤᠳᠠᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ᠃     ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ