ᠡᠷᠳᠡᠨᠢᠪᠤᠯᠠᠭ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/3
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠥᠷᠨᠢᠭᠦᠯᠬᠦ ᠶᠢᠨ ᠲᠥᠯᠥᠭᠡ᠂ 8 ᠰᠠᠷ᠎ᠠ ᠶᠢᠨ 1 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠡᠷᠳᠡᠨᠢᠪᠤᠯᠠᠭ ᠰᠤᠮᠤᠨ ᠳᠤ ᠬᠦᠷᠴᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠤᠮᠤ ᠶᠢᠨ ᠪᠠᠶᠢᠭᠤᠯᠭ᠎ᠠ ᠶᠢᠨ ᠤᠳᠤᠷᠢᠳᠬᠤ ᠺᠠᠳ᠋ᠷ 30 ᠭᠠᠷᠤᠶ ᠬᠥᠮᠦᠨ ᠣᠷᠣᠯᠴᠠᠪᠠ᠃

主题宣讲1.jpg

      ᠤᠬᠠᠭᠤᠯᠤᠨ ᠲᠠᠶᠢᠯᠪᠤᠷᠢᠯᠠᠯᠲᠠ ᠳᠤ᠂ ᠲᠠᠶᠢᠯᠪᠤᠷᠢᠯᠠᠭᠴᠢ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ

ᠵᠥᠪ ᠵᠠᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠰᠠᠶᠢᠲᠤᠷ ᠣᠶᠢᠯᠠᠭᠠᠬᠤ ᠵᠡᠷᠭᠡ ᠲᠠᠯ᠎ᠠ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠶᠢᠨ ᠴᠢᠬᠤᠯᠠ ᠴᠢᠨᠠᠷ ᠢ ᠤᠯᠠᠨ ᠳᠤ ᠪᠦᠬᠦ ᠲᠠᠯ᠎ᠠ ᠪᠠᠷ ᠨᠠᠷᠢᠨ ᠲᠠᠶᠢᠯᠪᠤᠷᠢᠯᠠᠪᠠ᠃

主题宣讲2.jpg

      ᠲᠣᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ᠂ ᠰᠤᠮᠤᠨ ᠤ ᠤᠳᠤᠷᠢᠳᠬᠤ ᠺᠠᠳ᠋ᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠦᠵᠡᠯ ᠤᠬᠠᠮᠰᠠᠷ ᠤᠨ ᠠᠭᠤᠯᠤᠭᠳᠠᠬᠤᠨ ᠢ ᠪᠠᠲᠤ ᠴᠣᠭᠴᠠᠯᠠᠬᠤ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ

᠂  ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ  ᠴᠢᠩᠭᠠᠳᠬᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠷᠳᠡᠨᠢᠪᠤᠯᠠᠭ ᠰᠤᠮᠤ ᠰᠠᠬᠢᠨ

ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠬᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ

ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠷᠢᠶᠠᠨ ᠳᠠᠬᠢ

ᠦᠨᠳᠦᠰᠦᠲᠡᠨ ᠨᠦᠭᠦᠳ ᠢ ᠠᠨᠠᠷ ᠤᠨ ᠦᠷ᠎ᠡ ᠮᠡᠳᠣ ᠨᠢᠭᠲᠠᠷᠠᠨ ᠪᠦᠯᠭᠦᠮᠳᠡᠬᠦᠯᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ

ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠢ  ᠠᠬᠢᠭᠤᠯᠬᠤ ᠪᠠᠷ ᠪᠠᠶᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ