ᠤᠷᠠᠳ ᠤᠨ ᠡᠮᠦᠨᠡᠲᠦ ᠬᠤᠰᠢᠭᠤ ︽5 + 1 + 2︾ ᠵᠠᠭᠪᠤᠷ ᠢᠶᠠᠷ ᠪᠡᠭᠡᠵᠢᠩ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠪᠦᠯᠬᠦᠮ ᠢ ᠵᠣᠬᠢᠶᠠᠨ ᠪᠠᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠰᠢᠷᠢᠰ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/8/3
     ᠡᠨᠡ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠡᠯ᠎ᠡ ᠲᠥᠷᠥᠯ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠴᠢᠬᠤᠯᠠ ᠦᠢᠯᠡᠳᠦᠯ ᠢ  ᠭᠦᠢᠴᠡᠳ ᠪᠠᠳᠠᠷᠠᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ︽ᠬᠦᠴᠦᠯᠡᠨ ᠬᠡᠷᠡᠭᠵᠢᠭᠦᠯᠬᠦ︾ ᠲᠥᠯᠥᠪᠯᠡᠭᠡ ᠶᠢᠨ ᠪᠠᠶᠠᠨᠨᠠᠭᠤᠷ ᠤᠨ ᠦᠢᠯᠡᠳᠦᠯᠭᠡ ᠶᠢᠨ ᠪᠦᠯᠬᠦᠮ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ︽5 + 1 + 2︾ ᠤᠨ ᠵᠠᠭᠪᠤᠷ ᠢ ᠬᠡᠷᠡᠭᠯᠡᠨ ᠤᠷᠠᠳ ᠤᠨ ᠡᠮᠦᠨᠡᠲᠦ ᠬᠤᠰᠢᠭᠤᠨ ᠤ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠬᠤᠲᠠ ᠪᠠᠯᠭᠠᠰᠤᠨ ᠤ ᠰᠤᠷᠭᠠᠭᠤᠯᠢ᠂ ᠨᠣᠮ ᠤᠨ ᠰᠠᠩ ᠵᠡᠷᠭᠡ ᠭᠠᠵᠠᠷ ᠲᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠬᠠᠨᠳᠤᠭᠤᠯᠤᠨ᠂ ᠦᠨᠳᠦᠰᠦᠨ ᠱᠠᠲᠤᠨ ᠳᠤ  ᠦᠢᠯᠡᠴᠢᠯᠡᠵᠦ᠂ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠡᠭᠡᠵᠢᠩ ᠶᠡᠭᠡ ᠰᠤᠷᠭᠠᠭᠤᠯᠢ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠨᠳᠦᠰᠦᠨ ᠱᠠᠲᠤᠨ ᠳᠤ ᠠᠵᠢᠯ ᠬᠢᠵᠦ ᠦᠢᠯᠡᠰ ᠪᠤᠰᠬᠠᠬᠤ᠂ ᠬᠦᠰᠡᠯ ᠡᠷᠡᠮᠡᠯᠵᠡᠯ ᠲᠠᠯᠪᠢᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠪᠠ᠃ 

北大实践1.jpg

     1.ᠲᠠᠪᠤᠨ ᠲᠠᠯᠠᠪᠤᠷ ᠨᠡᠶᠢᠲᠡ ᠶᠢᠨ ᠠᠰᠠᠷᠠᠮᠵᠢ ᠶᠢᠨ ᠬᠢᠴᠢᠶᠡᠯ ᠨᠢ ᠪᠠᠭᠠᠴᠤᠳ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠪᠡ᠃

     ᠤᠷᠠᠳ ᠤᠨ ᠡᠮᠦᠨᠡᠲᠦ ᠬᠤᠰᠢᠭᠤ ᠦᠢᠯᠡᠳᠦᠯᠭᠡ ᠶᠢᠨ ᠪᠦᠯᠬᠦᠮ ᠤᠨ ᠭᠡᠰᠢᠭᠦᠨ ᠳᠤ ᠵᠠᠮᠴᠢᠯᠠᠭᠴᠢ ᠪᠣᠯᠵᠣ᠂ ᠰᠠᠶᠢᠲᠤᠷ ᠵᠣᠯᠭᠠᠯᠳᠤᠭᠤᠯᠤᠨ᠂ ᠨᠥᠬᠦᠴᠡᠯ

ᠪᠦᠷᠢᠯᠳᠦᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠲᠤᠷᠰᠢᠯᠲᠠ ᠶᠢᠨ ᠴᠢᠭ ᠰᠣᠩᠭᠤᠨ ᠵᠣᠨ ᠤ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ

ᠲᠠᠩᠬᠢᠮ ᠵᠢᠴᠢ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠠᠵᠢᠯᠯᠠᠭ᠎ᠠ ᠥᠷᠨᠢᠭᠦᠯᠵᠦ᠂ ᠪᠡᠭᠡᠵᠢᠩ ᠶᠡᠭᠡ ᠰᠤᠷᠭᠠᠭᠤᠯᠢ ᠶᠢᠨ ᠰᠤᠷᠤᠭᠴᠢᠳ ᠤᠨ

ᠠᠪᠢᠶᠠᠰ ᠴᠢᠳᠠᠪᠤᠷᠢ ᠶᠢ ᠪᠠᠳᠠᠷᠠᠭᠤᠯᠵᠤ᠂ ᠡᠮᠦᠨᠡᠲᠦ ᠬᠤᠰᠢᠭᠤᠨ ᠤ ᠡᠯ᠎ᠡ ᠨᠠᠰᠤᠨ ᠤ ᠰᠤᠷᠤᠭᠴᠢᠳ ᠤᠨ  ᠰᠡᠵᠢᠭᠯᠡᠯ ᠢ ᠬᠠᠷᠢᠭᠤᠯᠵᠤ ᠬᠦᠰᠡᠯ ᠢᠶᠠᠨ ᠪᠠᠶᠠᠯᠡᠭᠦᠯᠬᠦ ᠶᠢ

ᠬᠠᠪᠰᠤᠷᠤᠨ ᠦᠰᠦᠨ ᠪᠤᠶᠢᠵᠢᠬᠤ ᠳᠤ ᠨᠢ ᠳᠡᠮᠵᠢᠯᠭᠡ ᠬᠦᠷᠭᠡᠪᠡ ᠃ ᠨᠡᠷ᠎ᠡ ᠮᠡᠳᠡᠭᠦᠯᠬᠦ ᠬᠤᠭᠤᠴᠠᠭᠠᠨ ᠳᠤ᠂ ᠰᠤᠷᠤᠭᠴᠢᠳ ᠴᠠᠭ ᠲᠤᠬᠠᠶ ᠳᠤᠨᠢ ᠱᠠᠭᠠᠷᠳᠠᠯᠭ᠎ᠠ ᠪᠠᠨ

ᠲᠣᠭᠠᠴᠢᠵᠤ᠂ ᠦᠢᠯᠡᠳᠦᠯᠭᠡ ᠶᠢᠨ ᠪᠦᠯᠬᠦᠮ ᠤᠨ ᠪᠦᠷᠢᠯᠳᠦᠬᠦᠨ ᠨᠡᠷ ᠱᠠᠭᠠᠷᠳᠠᠯᠭ᠎ᠠ ᠶᠣᠰᠣᠭᠠᠷ ᠰᠦᠯᠵᠢᠶᠡᠨ ᠳᠡᠭᠡᠷ᠎ᠡ ︽ᠵᠠᠬᠢᠶᠠᠯᠠᠭ᠎ᠠ ᠭᠥᠯᠢᠶᠡᠨ ᠠᠪᠴᠦ︾

ᠰᠤᠷᠤᠯᠴᠠᠯᠭ᠎ᠠ ᠶᠢᠨ ᠬᠢᠴᠢᠶᠡᠯ ᠪᠡᠯᠡᠳᠭᠡᠪᠡ᠃ ᠪᠡᠭᠡᠵᠢᠩ ᠶᠡᠭᠡ ᠰᠤᠷᠭᠠᠭᠤᠯᠢ ᠠᠴᠠ ᠢᠷᠡᠭᠰᠡᠨ 6 ᠰᠤᠷᠤᠬᠴᠢ ᠬᠦᠷᠦᠭᠰᠡᠨ ᠭᠠᠵᠠᠷ ᠪᠣᠯᠭᠠᠨ ᠳᠤ ᠰᠤᠷᠤᠯᠴᠠᠬᠤ ᠠᠷᠭ᠎ᠠ

᠂ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠤᠨ ᠵᠢᠵᠢᠭ ᠰᠠᠵᠢᠭ ᠵᠦᠢᠯᠡᠰ ᠢᠶᠠᠨ ᠡᠮᠦᠨᠡᠲᠦ ᠬᠤᠰᠢᠭᠤᠨ ᠤ ᠡᠯ᠎ᠡ ᠨᠠᠰᠤᠨ ᠤ

ᠰᠤᠷᠤᠭᠴᠢᠳ ᠲᠤ ᠬᠤᠪᠢᠶᠠᠯᠴᠠᠵᠤ᠂ ᠨᠡᠶᠢᠳᠡ 230 ᠭᠠᠷᠤᠢ ᠬᠥᠮᠦᠨ ᠳᠤ ᠦᠢᠯᠡᠴᠢᠯᠡᠵᠦ᠂ ᠪᠡᠭᠡᠵᠢᠩ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠪᠦᠯᠬᠦᠮ ᠤᠨ

ᠤᠶᠤᠨ ᠤᠬᠠᠭᠠᠨ ᠬᠦᠴᠦᠨ ᠴᠢᠳᠠᠯ ᠢ ᠦᠨᠡᠨ ᠬᠦ ᠦᠨᠳᠦᠰᠦᠨ ᠱᠠᠲᠤᠨ ᠤ ᠰᠤᠷᠭᠠᠨ ᠬᠥᠮᠦᠵᠢᠯ ᠳᠤ ᠦᠢᠯᠡᠴᠢᠯᠡᠬᠦ ᠪᠣᠳᠠᠲᠠᠢ ᠦᠷ᠎ᠡ ᠪᠦᠲᠦᠮᠵᠢ ᠪᠣᠯᠭᠠᠨ

ᠬᠤᠪᠢᠷᠠᠭᠤᠯᠪᠠ᠃

北大实践2.jpg

北大实践3.jpg

北大实践7.jpg

      2. ᠨᠢᠭᠡ ᠤᠳᠠᠭᠠᠨ ᠤ ᠶᠠᠷᠢᠯᠴᠠᠭ᠎ᠠ ᠰᠣᠯᠢᠯᠴᠠᠭ᠎ᠠ ᠪᠠᠷ ᠳᠠᠮᠵᠢᠨ ᠰᠡᠳᠬᠢᠬᠦᠶ ᠶᠢᠨ ᠦᠷᠭᠡᠳᠬᠡᠨ ᠳᠡᠭᠡᠭᠰᠢᠯᠡᠭᠦᠯᠪᠡ᠃

      ᠵᠠᠯᠠᠭᠤ ᠴᠢᠳᠠᠪᠤᠷᠢᠲᠠᠨ ᠪᠣᠯ ᠴᠢᠳᠠᠪᠤᠷᠢᠲᠠᠨ ᠤ ᠡᠬᠢ ᠪᠠᠶᠠᠯᠢᠭ ᠤᠨ ᠡᠬᠢ ᠪᠤᠯᠠᠭ ᠮᠥᠨ᠂ ᠤᠷᠠᠳ ᠤᠨ ᠡᠮᠦᠨᠡᠲᠦ ᠬᠤᠰᠢᠭᠤ ᠵᠠᠯᠠᠭᠤ ᠴᠢᠳᠠᠪᠤᠷᠢᠲᠠᠨ ᠤ

ᠰᠣᠯᠢᠯᠴᠠᠭᠠᠨ ᠤ ᠲᠠᠪᠴᠠᠩ ᠪᠠᠶᠢᠭᠤᠯᠵᠤ᠂  ᠡᠭᠦᠯᠡᠨ ᠳᠡᠭᠡᠷᠡᠬᠢ ᠪᠠ ᠭᠠᠵᠠᠷ ᠳᠡᠭᠡᠷᠡᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠪᠠᠶᠠᠨᠨᠠᠭᠤᠷ ᠬᠤᠲᠠ ᠶᠢᠨ

ᠨᠢᠭᠡᠳᠦᠮᠡᠯ ᠹᠷᠣᠨᠲ ᠤᠨ ᠬᠡᠯᠲᠡᠰ᠂ ᠤᠷᠠᠳ ᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠮᠠᠨ ᠤ ᠬᠤᠰᠢᠭᠤᠨ ᠤ ᠰᠤᠮᠤ ᠪᠠᠯᠭᠠᠰᠤ᠂

ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠲᠣᠪᠴᠢᠶ᠎ᠠ ᠠᠴᠠ 9 ᠪᠡᠭᠡᠵᠢᠩ ᠶᠡᠭᠡ ᠰᠤᠷᠭᠠᠭᠤᠯᠢ ᠶᠢᠨ ᠠᠰᠫᠢᠷᠠᠨᠲ ᠢ ᠵᠣᠬᠢᠶᠠᠨ ᠪᠠᠶᠢᠭᠤᠯᠵᠤ ᠲᠧᠩ ᠰᠢᠶᠦ᠋ᠨ

ᠬᠤᠷᠠᠯ ᠤᠨ ᠬᠡᠯᠪᠡᠷᠢ ᠪᠠᠷ ᠳᠠᠮᠵᠢᠭᠤᠯᠤᠨ 16  ᠵᠠᠯᠠᠭᠤ ᠺᠠᠳ᠋ᠷ ᠲᠠᠢ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠲᠤᠷᠰᠢᠯᠭ᠎ᠠ ᠪᠠᠨ ᠬᠤᠪᠢᠶᠠᠯᠴᠠᠨ᠂ ᠬᠠᠮᠲᠤ ᠪᠠᠷ

ᠦᠰᠦᠨ ᠪᠤᠶᠢᠵᠢᠪᠠ᠃  ᠦᠢᠯᠡᠳᠦᠯᠭᠡ ᠶᠢᠨ ᠪᠦᠯᠬᠦᠮ ᠤᠨ ᠪᠦᠷᠢᠯᠳᠦᠬᠦᠨ ᠨᠢᠭᠡ ᠭᠠᠷᠠᠭ ᠭᠠᠷᠤᠶ ᠶᠢᠨ ᠠᠵᠢᠯ ᠤᠨ ᠲᠣᠭᠤᠷᠢᠨ ᠳᠤ ᠦᠵᠡᠵᠦ ᠰᠣᠨᠣᠰᠤᠭᠰᠠᠨ

ᠲᠥᠷᠥᠭᠳᠡᠯ ᠢᠶᠠᠨ ᠶᠠᠷᠢᠵᠤ᠂ ᠰᠣᠩᠭᠤᠨ ᠲᠣᠮᠢᠯᠠᠭᠰᠠᠨ ᠰᠤᠷᠤᠭᠴᠢ ᠦᠨᠳᠦᠰᠦᠨ ᠱᠠᠲᠤᠨ ᠤ ᠠᠵᠢᠯ ᠤᠨ ᠲᠤᠬᠠᠶ ᠦᠨᠡᠨ ᠪᠣᠳᠠᠲᠠᠶ ᠲᠥᠷᠥᠭᠳᠡᠯ ᠪᠠ ᠠᠵᠢᠯ ᠤᠨ

ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠬᠤᠪᠢᠶᠠᠯᠴᠠᠭᠰᠠᠨ ᠪᠠᠶᠢᠨ᠎ᠠ᠃ ᠡᠯ᠎ᠡ ᠲᠦᠷᠦᠯ ᠤᠨ ᠵᠠᠯᠠᠭᠤ ᠴᠢᠳᠠᠪᠤᠷᠢᠲᠠᠨ ᠦᠨᠳᠦᠰᠦᠨ ᠱᠠᠲᠤᠨ ᠳᠤ ᠦᠢᠯᠡᠴᠢᠯᠡᠬᠦ

᠂ ᠤᠯᠠᠨ ᠲᠦᠮᠡᠨ ᠳᠤ ᠦᠢᠯᠡᠴᠢᠯᠡᠬᠦ᠂ ᠶᠡᠭᠡ ᠲᠠᠯ᠎ᠠ ᠳᠤ ᠦᠢᠯᠡᠴᠢᠯᠡᠬᠦ ᠶᠢᠨ ᠲᠥᠯᠥᠭᠡ ᠥᠪᠡᠷ ᠥᠪᠡᠷ ᠤᠨ ᠦᠵᠡᠯᠲᠡ ᠪᠠᠨ ᠶᠠᠷᠢᠵᠤ᠂ ᠰᠡᠳᠬᠢᠬᠦᠢ ᠶᠢᠨ ᠤᠴᠢ

ᠪᠠᠳᠠᠷᠠᠵᠤ᠂  2 ᠴᠠᠭ ᠭᠠᠷᠤᠢ ᠶᠠᠷᠢᠯᠴᠠᠬᠤ ᠬᠤᠷᠠᠯ ᠶᠠᠪᠤᠭᠳᠠᠭᠤᠯᠵᠤ᠂ ᠠᠮᠢᠵᠢᠷᠠᠯ ᠤᠨ ᠬᠦᠴᠦᠨ ᠢᠶᠠᠷ ᠳᠦᠭᠦᠷᠡᠩ᠂ ᠦᠷᠢᠰᠦᠯᠳᠦᠨ ᠪᠠᠳᠠᠷᠠᠭᠰᠠᠨ ᠰᠡᠳᠬᠢᠬᠦᠢ ᠶᠢᠨ

ᠦᠪᠡᠳᠡᠭᠰᠢ ᠨᠠᠶᠢᠷ ᠪᠣᠯᠵᠠᠢ᠃

北大实践4.jpg

      3 .ᠬᠤᠶᠠᠷ ᠪᠠᠶᠢᠴᠠᠭᠠᠨ ᠰᠤᠳᠤᠯᠬᠤ ᠱᠤᠭᠤᠮ ᠬᠤᠪᠢᠶᠠᠨ ᠦᠢᠯᠡᠳᠦᠯᠭᠡᠵᠢᠭᠦᠯᠭᠡ ᠳᠤ ᠣᠷᠤᠯᠴᠠᠪᠠ ᠃   

      ᠤᠷᠠᠳ ᠤᠨ ᠡᠮᠦᠨᠡᠲᠦ ᠬᠤᠰᠢᠭᠤ ᠪᠡᠭᠡᠵᠢᠩ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠪᠦᠯᠬᠦᠮ ᠤᠨ 6 ᠪᠦᠷᠢᠯᠳᠦᠬᠦᠨ ᠪᠣᠯᠤᠨ ᠰᠣᠩᠭᠤᠨ ᠲᠣᠮᠢᠯᠠᠭᠰᠠᠨ

10 ᠰᠣᠷᠣᠭᠴᠢ ᠶᠢ ᠵᠣᠬᠢᠶᠠᠨ ᠪᠠᠶᠢᠭᠤᠯᠵᠤ ᠬᠤᠶᠠᠷ ᠵᠠᠮ ᠬᠤᠪᠢᠶᠠᠨ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ᠃ ᠰᠢᠶᠠᠩ ᠪᠠᠯᠭᠠᠰᠤᠨ ᠤ ᠱᠤᠭᠤᠮ ᠨᠢ ᠲᠠᠷᠢᠶᠠᠨ

ᠭᠠᠵᠠᠷ ᠲᠤ ᠭᠦᠨᠵᠡᠭᠡᠶᠢᠷᠡᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢ ᠪᠠᠶᠢᠭᠤᠯᠤᠨ ᠳᠡᠯᠭᠡᠷᠡᠭᠦᠯᠬᠦ᠂ ᠲᠠᠷᠢᠶᠠᠯᠠᠩ ᠤᠨ ᠰᠣᠶᠣᠯ ᠵᠢᠭᠤᠯᠴᠢᠯᠠᠯ ᠢ

ᠠᠭᠤᠰᠤᠯᠴᠠᠭᠤᠯᠬᠤ ᠲᠥᠯᠥᠪᠵᠢᠭᠦᠯᠭᠡ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ︔ ᠬᠤᠲᠠ ᠶᠢᠨ ᠲᠡᠭᠦᠷᠭᠡ ᠶᠢᠨ ᠱᠤᠭᠤᠮ ᠨᠢ ᠰᠤᠷᠭᠠᠭᠤᠯᠢ᠂ ᠣᠷᠣᠨ

ᠰᠠᠭᠤᠴᠠ ᠶᠢᠨ ᠲᠣᠭᠤᠷᠢᠭ᠂ ᠣᠯᠠᠨ ᠲᠦᠮᠡᠨ ᠤ ᠰᠣᠶᠣᠯ ᠤᠨ ᠴᠤᠭᠯᠠᠷᠠᠯ ᠤᠨ ᠴᠡᠭ ᠲᠤ ᠬᠦᠷᠴᠦ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃

ᠰᠡᠭᠦᠯᠴᠢ ᠶᠢᠨ ᠬᠤᠭᠤᠴᠠᠭᠠᠨ ᠳᠤ᠂  ᠦᠢᠯᠡᠳᠦᠯᠭᠡ ᠶᠢᠨ ᠪᠦᠯᠬᠦᠮ ᠤᠨ ᠪᠦᠷᠢᠯᠳᠦᠬᠦᠨ ᠨᠡᠷ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠬᠢᠵᠦ᠂ ᠪᠥᠬᠦ

ᠬᠤᠰᠢᠭᠤᠨ ᠤ ᠠᠵᠤ ᠦᠢᠯᠡᠰ ᠠᠵᠤ ᠠᠬᠤᠶ᠂ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠶᠢᠨ ᠪᠣᠳᠣᠯᠬᠢᠯᠠᠯ ᠢ ᠳᠤᠷᠠᠳᠴᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ᠂ ᠠᠵᠤ  ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠳᠡᠪᠰᠢᠭᠦᠯᠬᠦ ᠶᠢᠨ ᠬᠠᠮᠲᠤ ᠪᠥᠬᠦ ᠬᠤᠰᠢᠭᠤᠨ ᠤ ᠦᠵᠡᠰᠬᠦᠯᠡᠩᠲᠦ

ᠰᠠᠶᠢᠬᠠᠨ ᠦᠵᠡᠮᠵᠢ᠂ ᠦᠢᠯᠡᠰ ᠴᠣᠭᠴᠠᠯᠠᠬᠤ ᠣᠷᠴᠢᠨ ᠲᠣᠭᠤᠷᠢᠨ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠬᠠᠭᠤᠯᠪᠠ᠃  

北大实践6.jpg

 

北大实践5.jpg

     

      ᠴᠢᠳᠠᠪᠤᠷᠢᠲᠠᠨ ᠴᠤᠭᠯᠠᠷᠠᠪᠠᠯ ᠠᠵᠢᠯ ᠦᠢᠯᠡᠰ ᠮᠠᠨᠳᠤᠨ᠎ᠠ᠃ ᠤᠷᠠᠳ ᠤᠨ ᠡᠮᠦᠨᠡᠲᠦ ᠬᠤᠰᠢᠭᠤ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠤᠨ ᠬᠡᠷᠡᠭᠯᠡᠵᠦ᠂

ᠪᠡᠭᠡᠵᠢᠩ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠪᠦᠯᠬᠦᠮ ᠤᠨ ᠴᠢᠳᠠᠪᠤᠷᠢᠲᠠᠨ ᠤ ᠬᠦᠴᠦᠨ ᠢ ᠨᠢᠭᠲᠠᠷᠠᠭᠤᠯᠵᠤ᠂ ︽ᠬᠥᠮᠦᠨ ᠪᠦᠬᠦᠨ ᠤ ᠴᠢᠳᠠᠪᠤᠷᠢ ᠶᠢ

ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ︾ ᠶᠢ ᠴᠢᠷᠮᠠᠶᠢᠨ ᠪᠡᠶᠡᠯᠡᠭᠦᠯᠵᠦ᠂  ︽ᠳᠡᠭᠡᠳᠦ᠂ ᠨᠠᠷᠢᠯᠢᠭ᠂

ᠣᠷᠦ᠋ᠢᠯᠠᠭᠰᠠᠨ᠂ ᠲᠤᠰᠬᠠᠶ︾ ᠴᠢᠳᠠᠪᠤᠷᠢᠲᠠᠨ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠢ  ᠭᠦᠢᠴᠡᠳ

ᠪᠠᠳᠠᠷᠠᠭᠤᠯᠵᠤ᠂ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ︽ᠠᠮᠢᠵᠢᠷᠠᠯ ᠤᠨ ᠬᠦᠴᠦᠨ︾ ᠨᠡᠮᠡᠷᠢᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ