ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠦᠱᠦ ᠶᠢᠨ ᠤᠷᠤᠯᠳᠤᠭᠠᠨ ᠤᠷᠠᠳ ᠤᠨ ᠡᠮᠦᠨᠡᠲᠦ ᠬᠤᠰᠢᠭᠤᠨ ᠳᠤ  ᠶᠠᠪᠣᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2022/8/3
      ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠱᠦ ᠶᠢᠨ ᠬᠥᠳᠡᠯᠭᠡᠭᠡᠨ ᠤ  ᠦᠢᠯᠡᠰ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠂ ᠳᠤᠮᠳᠠᠳᠤ ᠶᠢᠨ ᠦᠱᠦ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠦᠱᠦ ᠶᠢᠨ ᠪᠡᠯᠡᠳᠬᠡᠯ ᠴᠢᠳᠠᠪᠤᠷᠢᠲᠠᠨ ᠢ ᠨᠠᠩ ᠣᠯᠠᠨ᠂ ᠨᠠᠩ ᠰᠠᠶᠢᠨ ᠬᠥᠮᠦᠵᠢᠭᠦᠯᠦᠨ᠂ ᠤᠷᠠᠳ ᠤᠨ ᠡᠮᠦᠨᠡᠲᠦ ᠬᠤᠰᠢᠭᠤᠨ ᠤ ︽ᠪᠥᠬᠦ ᠤᠯᠤᠰ ᠤᠨ ᠦᠱᠦ ᠶᠢᠨ ᠨᠤᠲᠤᠭ︾ ᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ 2022 ᠣᠨ ᠤ 8 ᠰᠠᠷ᠎ᠠ ᠶᠢᠨ 13 ᠤ ᠡᠳᠦᠷ  ᠠᠴᠠ 8 ᠰᠠᠷ᠎ᠠ ᠶᠢᠨ 14 ᠤ ᠡᠳᠦᠷ  ᠪᠣᠯᠲᠠᠯ᠎ᠠ᠂ 2022 ᠣᠨ ᠤ ︽ᠲᠢᠶᠠᠨ ᠾᠧᠩ ᠡᠮ ᠦᠢᠯᠡᠳᠬᠦ ᠬᠤᠨᠳᠠᠭᠠᠲᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠦᠱᠦ ᠶᠢᠨ ᠤᠷᠤᠯᠳᠤᠭᠠᠨ ᠤᠷᠠᠳ ᠤᠨ ᠡᠮᠦᠨᠡᠲᠦ ᠬᠤᠰᠢᠭᠤᠨ ᠳᠤ  ᠶᠠᠪᠣᠭᠳᠠᠬᠤ ᠪᠠᠷ ᠪᠠᠶᠢᠨ᠎ᠠ᠃

武术1.jpg

     ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠶ ᠡᠪᠯᠡᠯ ᠠᠴᠠ ᠳᠡᠮᠵᠢᠨ

ᠵᠢᠯᠣᠭᠤᠳᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠱᠦ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠪᠠᠶᠠᠨᠨᠠᠭᠤᠷ ᠬᠤᠲᠠ ᠶᠢᠨ ᠪᠡᠶ᠎ᠡ 

ᠲᠠᠮᠢᠷ ᠤᠨ ᠶᠡᠷᠦᠩᠬᠡᠶ ᠡᠪᠯᠡᠯ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠠᠶᠠᠨᠨᠠᠭᠤᠷ

ᠬᠤᠲᠠ ᠶᠢᠨ ᠦᠱᠦ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠤᠷᠠᠳ ᠤᠨ ᠡᠮᠦᠨᠡᠲᠦ ᠬᠤᠰᠢᠭᠤᠨ ᠤ ᠪᠡᠶ᠎ᠡ ᠲᠠᠮᠢᠷ ᠤᠨ ᠶᠡᠷᠦᠩᠬᠡᠶ ᠡᠪᠯᠡᠯ᠂ ᠤᠷᠠᠳ ᠤᠨ

ᠡᠮᠦᠨᠡᠲᠦ ᠬᠤᠰᠢᠭᠤᠨ ᠤ ᠦᠱᠦ ᠶᠢᠨ ᠨᠡᠶᠢᠭᠡᠮᠯᠢᠭ ᠠᠴᠠ ᠬᠠᠮᠵᠢᠨ ᠡᠷᠭᠢᠯᠡᠪᠡ᠃ ᠲᠤᠬᠠᠶ ᠶᠢᠨ ᠦᠶ᠎ᠡ ᠳᠤ ᠡᠯ᠎ᠡ ᠠᠶᠢᠮᠠᠭ ᠬᠤᠲᠠ ᠶᠢᠨ ᠦᠱᠦ ᠶᠢᠨ ᠨᠡᠶᠢᠭᠡᠮᠯᠢᠭ᠂

ᠮᠠᠨᠵᠤᠤᠷ ᠬᠤᠲᠠ᠂ ᠡᠷᠢᠶᠡᠨ ᠬᠤᠲᠠ ᠶᠢᠨ ᠦᠱᠦ ᠶᠢᠨ ᠨᠡᠶᠢᠭᠡᠮᠯᠢᠭ᠂ ᠡᠯ᠎ᠡ ᠠᠵᠢᠯ ᠲᠥᠷᠥᠯ ᠤᠨ ᠪᠡᠶ᠎ᠡ ᠲᠠᠮᠢᠷ ᠤᠨ ᠨᠡᠶᠢᠭᠡᠮᠯᠢᠭ᠂  ᠶᠡᠭᠡ ᠳᠡᠭᠡᠳᠦ ᠰᠤᠷᠭᠠᠭᠤᠯᠢ

ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠦᠱᠦ ᠶᠢᠨ ᠣᠷᠳᠣᠨ ᠤ ᠰᠤᠷᠭᠠᠭᠤᠯᠢ ᠵᠡᠷᠭᠡ ᠶᠢ ᠤᠷᠢᠵᠤ ᠤᠷᠤᠯᠳᠤᠭᠠᠨ ᠳᠤ  ᠣᠷᠣᠯᠴᠠᠭᠤᠯᠬᠤ

ᠪᠤᠯᠤᠨ᠎ᠠ᠃

     ᠤᠷᠤᠯᠳᠤᠭᠠᠨ ᠢ ᠵᠠᠯᠠᠭᠤᠴᠤᠳ ᠪᠠᠭᠠᠴᠤᠳ ᠤᠨ ᠳᠤᠭᠤᠶᠢᠯᠠᠩ ᠪᠠ ᠢᠳᠡᠷ ᠨᠠᠰᠣᠲᠠᠶᠢᠴᠣᠳ ᠤᠨ ᠳᠤᠭᠤᠶᠢᠯᠠᠩ ᠭᠡᠵᠦ ᠬᠤᠪᠢᠶᠠᠨ᠎ᠠ᠃ ᠵᠠᠯᠠᠭᠤᠴᠤᠳ

ᠪᠠᠭᠠᠴᠤᠳ ᠤᠨ ᠳᠤᠭᠤᠶᠢᠯᠠᠩ ᠤᠨ ᠤᠷᠤᠯᠳᠤᠭᠠᠨ ᠢ ᠪᠦᠯᠬᠦᠮ᠂ ᠬᠤᠪᠢ ᠬᠥᠮᠦᠨ ᠤ ᠳᠠᠩ  ᠲᠦᠷᠦᠯ ᠤᠨ ᠤᠷᠤᠯᠳᠤᠭᠠᠨ᠂ ᠪᠦᠯᠬᠦᠮ ᠤᠨ ᠤᠷᠤᠯᠳᠤᠭᠠᠨ ᠳᠤ

ᠵᠠᠯᠠᠭᠤᠴᠤᠳ ᠪᠠᠭᠠᠴᠤᠳ ᠤᠨ ᠳᠤᠭᠤᠶᠢᠯᠠᠩ ︵ᠥᠨᠳᠥᠷ ᠳᠤᠮᠳᠠᠳᠤ ᠶᠢᠨ ᠳᠤᠭᠤᠶᠢᠯᠠᠩ᠂ ᠪᠠᠭᠠᠴᠤᠳ ᠤᠨ ᠳᠤᠭᠤᠶᠢᠯᠠᠩ︶᠂ ᠬᠡᠦᠬᠡᠳ ᠤᠨ ᠳᠤᠭᠤᠶᠢᠯᠠᠩ ᠳᠤ ︵

ᠬᠡᠦᠬᠡᠳ ᠤᠨ ᠬᠥᠬᠡ ᠳᠤᠭᠤᠶᠢᠯᠠᠩ᠂ ᠬᠡᠦᠬᠡᠳ ᠤᠨ ᠬᠥᠬᠡᠭᠴᠢᠨ ᠳᠤᠭᠤᠶᠢᠯᠠᠩ︶ ᠭᠡᠵᠦ ᠬᠤᠪᠢᠶᠠᠨ᠎ᠠ︔  ᠢᠳᠡᠷ ᠨᠠᠰᠤᠲᠠᠶᠢᠴᠤᠳ ᠤᠨ ᠳᠤᠭᠤᠶᠢᠯᠠᠩ ᠤᠨ

ᠤᠷᠤᠯᠳᠤᠭᠠᠨ ᠢ ᠬᠠᠮᠲᠤ ᠶᠢᠨ ᠲᠥᠷᠥᠯ ᠪᠠ ᠬᠤᠪᠢ ᠬᠥᠮᠦᠨ ᠤ ᠲᠠᠩ ᠲᠦᠷᠦᠯ ᠤᠨ ᠤᠷᠤᠯᠳᠤᠭᠠᠨ ᠭᠡᠵᠦ ᠬᠤᠪᠢᠶᠠᠨ᠎ᠠ᠃ ᠤᠷᠤᠯᠳᠤᠭᠠᠨ ᠳᠤ ᠤᠯᠤᠰ ᠤᠨ ᠪᠡᠶ᠎ᠡ

ᠲᠠᠮᠢᠷ ᠤᠨ ᠵᠥᠪᠯᠡᠯ ᠠᠴᠠ 2012 ᠣᠨ ᠳᠤ ᠬᠢᠨᠠᠨ ᠲᠣᠭᠲᠠᠭᠠᠭᠰᠠᠨ ︽ᠦᠱᠦ ᠶᠢᠨ ᠢᠵᠢ ᠪᠦᠷᠢᠳᠦᠭᠰᠡᠨ ᠤᠷᠤᠯᠳᠤᠭᠠᠨ ᠤ ᠳᠦᠷᠢᠮ︾ ᠢ ᠬᠡᠷᠡᠭᠯᠡᠵᠦ᠂ ᠬᠦᠴᠢᠷ

ᠬᠥᠳᠡᠯᠭᠡᠭᠡᠨ ᠢ ᠬᠡᠷᠡᠭᠯᠡᠬᠦ ᠦᠭᠡᠢ᠃

武术2.jpg

     ᠲᠣᠰ ᠤᠳᠠᠭᠠᠨ ᠤ ᠤᠷᠤᠯᠳᠤᠭᠠᠨ ᠪᠣᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ

ᠨᠠᠶᠢᠳᠠᠪᠤᠷᠢᠵᠢᠭᠤᠯᠵᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ︾ ᠶᠢ ᠯᠠᠪᠳᠠᠭᠤᠨ ᠪᠠᠲᠤᠲᠠᠶ ᠠᠬᠢᠭᠤᠯᠬᠤ ᠴᠢᠬᠤᠯᠠ ᠠᠷᠭ᠎ᠠ ᠬᠡᠮᠵᠢᠶ᠎ᠡ

ᠪᠣᠯᠤᠨ᠎ᠠ᠂ ᠳᠤᠮᠳᠠᠳᠤ ᠶᠢᠨ ᠦᠱᠦ ᠶᠢᠨ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ ᠰᠣᠶᠣᠯ ᠤᠨ ᠵᠣᠷᠢᠭ ᠰᠠᠨᠠᠭ᠎ᠠ ᠶᠢ ᠮᠠᠨᠳᠤᠭᠤᠯᠬᠤ ᠳᠤ ᠭᠦᠨ ᠵᠤᠵᠠᠭᠠᠨ

ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠱᠦ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠠᠩ

ᠠᠷᠠᠳ ᠲᠤ ᠲᠥᠬᠦᠮ᠂ ᠠᠷᠠᠳ ᠲᠤ ᠠᠰᠢᠭ ᠬᠦᠷᠲᠡᠭᠡᠵᠦ᠂ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢᠨ ᠬᠠᠮᠲᠤ ᠤᠷᠠᠳ ᠤᠨ ᠡᠮᠦᠨᠡᠲᠦ ᠬᠤᠰᠢᠭᠤᠨ ᠤ ︽

ᠳᠤᠮᠳᠠᠳᠤ ᠤᠯᠤᠰ ᠤᠨ ᠦᠱᠦ ᠶᠢᠨ ᠨᠤᠲᠤᠭ︾ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠭᠦ ᠪᠤᠯᠤᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ