ᠤᠷᠠᠳ ᠤᠨ ᠡᠮᠦᠨᠡᠲᠦ ᠬᠤᠰᠢᠭᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/8/3
      8 ᠰᠠᠷ᠎ᠠ ᠶᠢᠨ 1 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠥᠬᠦ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠮᠡᠳᠡᠯᠭᠡ ᠶᠢᠨ ᠰᠢᠯᠭᠠᠯᠲᠠ ᠬᠢᠪᠠ᠃

测试1.jpg

      ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ᠂

ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂ ᠳᠡᠳ᠋ ᠶᠡᠷᠦᠩᠬᠡᠶ ᠵᠢᠯᠣᠭᠤᠳᠣᠭᠴᠢ

ᠵᠢᠶᠠ ᠵᠧᠨ ᠬᠤᠸᠠ᠂ ᠰᠠᠷᠠᠨᠴᠡᠴᠡᠭ᠂ ᠤᠶᠤᠨ᠎ᠠ᠂ ᠬᠤᠤ ᠮᠢᠨ᠂ ᠯᠢᠦ ᠶᠤᠸᠠᠢ ᠮᠢᠩ᠂  ᠰᠦ᠋ ᠴᠠᠩ᠂ ᠵᠠᠩ ᠰᠢᠶᠤᠤ ᠳ᠋ᠦᠩ᠂  ᠪᠠᠶᠠᠨᠪᠢᠯᠢᠭ᠌᠂ ᠼᠤᠤ ᠳ᠋ᠦᠩ᠂

ᠵᠢᠶᠠᠩ ᠰᠢᠤᠸᠠᠢ ᠵᠢᠴᠢ ᠵᠢᠯᠣᠭᠤᠳᠬᠤ ᠭᠠᠵᠠᠷ ᠤᠨ ᠪᠦᠷᠢᠯᠳᠦᠬᠦᠨ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ᠂

ᠬᠤᠯᠪᠣᠭᠠᠴᠢᠨ᠂ ᠡᠯ᠎ᠡ ᠲᠤᠰᠬᠠᠶ ᠠᠩᠭᠢ ᠶᠢᠨ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠨᠠᠷ ᠰᠢᠯᠭᠠᠯᠲᠠ ᠳᠤ ᠣᠷᠣᠯᠴᠠᠪᠠ᠃

测试2.jpg

      ᠲᠣᠰ ᠤᠳᠠᠭᠠᠨ ᠤ ᠰᠢᠯᠭᠠᠯᠲᠠ ᠶᠢ ᠢᠯᠡ ᠪᠣᠰᠣ ᠰᠢᠯᠭᠠᠯᠲᠠ ᠶᠢᠨ ᠬᠡᠯᠪᠡᠷᠢ ᠪᠠᠷ ᠶᠠᠪᠤᠭᠤᠯᠵᠤ᠂ ᠰᠢᠯᠭᠠᠯᠲᠠ ᠡᠬᠢᠯᠡᠭᠰᠡᠨ ᠤ ᠳᠠᠷᠠᠭ᠎ᠠ᠂ ᠪᠥᠬᠦ

ᠤᠳᠤᠷᠢᠳᠬᠤ ᠺᠠᠳ᠋ᠷᠴᠤᠳ ᠳᠠᠷᠤᠶ ᠲᠦᠷᠭᠡᠨ ᠰᠢᠯᠭᠠᠯᠲᠠ ᠶᠢᠨ ᠪᠠᠶᠢᠳᠠᠯ ᠳᠤ ᠣᠷᠣᠵᠤ᠂ ᠨᠠᠷᠢᠨ ᠬᠢᠨᠠᠮᠠᠭᠠᠶ ᠣᠪᠣᠷ ᠠᠪᠴᠤ᠂ ᠰᠠᠬᠢᠯᠭ᠎ᠠ ᠪᠠᠲᠤ ᠶᠢ ᠴᠢᠩᠭ᠎ᠠ

ᠰᠠᠬᠢᠭᠰᠠᠨ ᠰᠢᠯᠭᠠᠭᠤᠯᠤᠭᠴᠢ ᠨᠠᠷᠢᠨ ᠨᠢᠮᠪᠠᠶ ᠰᠢᠯᠭᠠᠯᠲᠠ ᠦᠵᠡᠵᠦ᠂ ᠨᠠᠷᠢᠨ ᠬᠢᠨᠠᠮᠠᠭᠠᠶ ᠰᠡᠳᠬᠢᠨ ᠪᠣᠳᠣᠯᠬᠢᠯᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ

ᠰᠢᠯᠭᠠᠯᠲᠠ ᠳᠤ ᠣᠷᠣᠯᠴᠠᠪᠠ᠃ ᠰᠢᠯᠭᠠᠯᠲᠠ ᠶᠢᠨ ᠠᠬᠤᠶ ᠲᠠᠯᠠᠪᠠᠶ ᠳᠤ ᠨᠠᠩ ᠴᠤ ︽ᠲᠣᠭᠤᠷᠢᠨ ᠰᠢᠯᠭᠠᠬᠤ︾ ᠬᠢᠨᠠᠯᠲᠠ ᠲᠠᠯᠪᠢᠵᠤ᠂ ᠰᠢᠯᠭᠠᠯᠲᠠ ᠶᠢᠨ ᠡᠷᠬᠡ ᠲᠡᠭᠰᠢ

ᠲᠥᠪ ᠭᠤᠤᠯᠴᠢ ᠪᠠᠶᠢᠬᠤ ᠶᠢ ᠦᠨᠡᠨ ᠬᠦ  ᠪᠠᠲᠣᠯᠠᠪᠠ᠃

      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠯᠭᠠᠯᠲᠠ ᠶᠢᠨ ᠬᠠᠭᠤᠳᠠᠰᠤ ᠳᠤ ᠳ᠋ᠠᠩ ᠬᠡᠯᠪᠡᠷᠢ ᠶᠢᠨ᠂ ᠣᠯᠠᠨ  ᠬᠡᠯᠪᠡᠷᠢ ᠶᠢᠨ ᠰᠣᠩᠭᠤᠬᠤ ᠰᠡᠳᠦᠪ᠂

ᠮᠠᠭᠠᠳᠯᠠᠬᠤ ᠰᠡᠳᠦᠪ᠂ ᠬᠠᠭᠠᠯᠲᠠ ᠲᠠᠭᠯᠠᠬᠤ ᠰᠡᠳᠦᠪ ᠵᠡᠷᠭᠡ ᠳᠥᠷᠪᠡᠨ ᠵᠦᠢᠯ ᠤᠨ ᠰᠡᠳᠦᠪ ᠤᠨ ᠬᠡᠯᠪᠡᠷᠢ ᠪᠠᠶᠢᠵᠤ᠂ ᠠᠭᠤᠯᠭ᠎ᠠ ᠨᠢ ᠴᠥᠮ ︽ᠰᠢᠨ᠎ᠡ ᠬᠡᠯᠪᠡᠷᠢ ᠶᠢᠨ

ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠠᠴᠠ ᠢᠷᠡᠯᠲᠡ ᠲᠠᠢ ᠪᠠᠶᠢᠵᠤ᠂ ᠰᠢᠯᠭᠠᠯᠲᠠ ᠪᠠᠷ

ᠳᠡᠮᠵᠢᠨ ᠪᠥᠬᠦ ᠪᠦᠷᠢᠯᠳᠦᠬᠦᠨ ᠨᠢᠭᠡᠴᠢ ᠶᠢᠨ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠲᠥᠰᠦᠯ ᠢ ᠮᠡᠳᠡᠬᠦ ᠬᠡᠮᠵᠢᠶ᠎ᠡ ᠶᠢ ᠤᠯᠠᠮ ᠨᠢᠭᠡ ᠠᠯᠬᠤᠮ ᠰᠢᠯᠭᠠᠵᠤ᠂ ᠪᠥᠬᠦ

ᠪᠦᠷᠢᠯᠳᠦᠬᠦᠨ ᠨᠢᠭᠡᠴᠢ ᠶᠢᠨ ᠬᠠᠮᠤᠭ ᠤᠨ ᠰᠢᠨ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠣᠨᠣᠴᠠᠲᠠᠶ ᠡᠵᠡᠮᠰᠢᠬᠦ ᠶᠢ ᠠᠬᠢᠭᠤᠯᠵᠤ᠂

ᠲᠥᠰᠦᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ᠂ ᠣᠨᠣᠴᠠᠲᠠᠶ᠂ ᠡᠮᠬᠢ ᠵᠢᠷᠤᠮ ᠲᠠᠢ᠂ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠶᠢ

ᠦᠨᠡᠨ ᠬᠦ ᠪᠠᠲᠤᠯᠠᠵᠤ᠂ ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ

ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ  ᠳᠤ ᠦᠢᠯᠡᠴᠢᠯᠡᠪᠡ᠃

      ᠰᠢᠯᠭᠠᠯᠲᠠ ᠳᠠᠭᠤᠰᠤᠭᠰᠠᠨ ᠤ ᠳᠠᠷᠠᠭ᠎ᠠ᠂ ᠸᠠᠩ ᠵᠢᠶᠦ᠋ᠨ ᠵᠢᠶᠧ ᠴᠢᠬᠤᠯᠠᠴᠢᠯᠠᠬᠤ ᠳᠠᠭᠠᠨ᠂ ᠰᠢᠯᠭᠠᠯᠲᠠ ᠶᠢᠨ ᠵᠣᠷᠢᠯᠭ᠎ᠠ ᠪᠣᠯ ᠰᠢᠯᠭᠠᠯᠲᠠ ᠪᠠᠷ

ᠰᠤᠷᠤᠯᠴᠠᠯᠭ᠎ᠠ ᠶᠢ ᠠᠬᠢᠭᠤᠯᠬᠤ ᠶᠠᠪᠤᠳᠠᠯ ᠪᠣᠯᠤᠨ᠎ᠠ᠂ ᠪᠥᠬᠦ ᠪᠦᠷᠢᠯᠳᠦᠬᠦᠨ ᠨᠢᠭᠡᠴᠡ ᠲᠥᠰᠦᠯ ᠤᠨ ᠲᠦᠭᠡᠮᠡᠯᠵᠢᠯᠲᠡ ᠶᠢᠨ ᠨᠣᠷᠮ᠎ᠠ ᠪᠠ ᠮᠡᠳᠡᠬᠦ ᠨᠣᠷᠮ᠎ᠠ ᠶᠢ

ᠢᠳᠡᠪᠬᠢᠲᠡᠶ ᠥᠷᠭᠡᠳᠬᠡᠵᠦ᠂ ᠲᠥᠰᠦᠯ ᠳᠠᠬᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠵᠢᠭ ᠴᠤ ᠥᠬᠡᠶ ᠪᠠᠶᠢᠯᠭᠠᠬᠤ ᠶᠢᠨ ᠤᠯᠠᠮ ᠠᠴᠠ ᠡᠯ᠎ᠡ

ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠡᠶ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ