ᠪᠠᠶᠠᠨᠬᠤᠸᠠ ᠪᠠᠯᠭᠠᠰᠣ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠢᠳᠡᠪᠬᠢᠲᠡᠶ  ᠠᠬᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2022/8/30
     ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠬᠡᠷᠡᠭᠴᠡᠭᠡ ᠲᠠᠢ ᠬᠡᠷᠡᠭᠯᠡᠭᠴᠢ ᠶᠢᠨ ᠲᠤᠭ᠎ᠠ ᠶᠢ ᠨᠠᠩ ᠲᠦᠷᠭᠡᠨ ᠨᠠᠩ ᠣᠨᠣᠪᠴᠢᠲᠠᠶ ᠡᠵᠡᠮᠰᠢᠬᠦ ᠶᠢᠨ ᠲᠥᠯᠥᠭᠡ᠂ ᠪᠠᠶᠠᠨᠬᠤᠸᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠡᠷᠦᠬᠡ ᠳᠤ ᠣᠷᠣᠵᠤ ᠤᠬᠠᠭᠤᠯᠬᠤ ᠪᠠ ᠸᠢᠴᠠᠲ ᠤᠨ ᠴᠤᠭᠯᠠᠷᠠᠯ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠲᠠᠷᠬᠠᠭᠠᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠡᠷᠴᠢᠮ ᠪᠠ ᠬᠡᠪᠴᠢᠶ᠎ᠡ ᠶᠢ ᠦᠷᠭᠡᠳᠭᠡᠨ  ᠲᠣᠰ ᠲᠦᠷᠦᠯ ᠵᠦᠢᠯ ᠢ ᠢᠳᠡᠪᠬᠢᠲᠡᠢ ᠠᠬᠢᠭᠤᠯᠪᠠ᠃     ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠪᠠᠯᠭᠠᠰᠤᠨ ᠠᠴᠠ ᠴᠠᠬᠢᠯᠭᠠᠨ ᠬᠠᠩᠭᠠᠬᠤ ᠺᠣᠮᠫᠠᠨᠢ ᠳᠤ ᠬᠦᠷᠴᠦ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠬᠦ ᠪᠠ ᠬᠡᠰᠡᠭ ᠵᠠᠮ ᠱᠤᠭᠤᠮ ᠢ ᠥᠭᠡᠷᠡᠴᠢᠯᠡᠬᠦ ᠠᠰᠠᠭᠤᠳᠠᠯ ᠢ ᠵᠥᠪᠳᠡᠯᠴᠡᠵᠦ᠂ ᠡᠪᠦᠯ ᠤᠨ ᠤᠯᠠᠷᠢᠯ ᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃ ᠪᠠᠶᠠᠨᠬᠤᠸᠠ ᠪᠠᠯᠭᠠᠰᠣ ᠢᠳᠡᠪᠬᠢᠲᠡᠢ ᠭᠦᠢᠴᠡᠳᠬᠡᠵᠦ᠂ ᠠᠷᠠᠳ ᠤᠨ ᠲᠥᠯᠥᠭᠡᠯᠡᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠦᠷᠦᠯ ᠵᠦᠢᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠦᠷᠦᠯ ᠵᠦᠢᠯ ᠤᠨ ᠲᠤᠬᠠᠢ ᠢᠲᠡᠭᠡᠯ ᠢ ᠴᠢᠩᠭᠠᠳᠬᠠᠵᠤ᠂ ᠪᠠᠶᠠᠨᠬᠤᠸᠠ ᠪᠠᠯᠭᠠᠰᠤᠨ ᠤ ᠠᠮᠢ ᠠᠬᠤᠢ ᠶᠢ ᠤᠷᠢᠳ ᠢᠶᠠᠷ  ᠪᠣᠳᠣᠯᠬᠢᠯᠠᠨ᠂ ᠪᠣᠬᠢᠷᠲᠤᠯ ᠦᠭᠡᠢ ᠪᠠᠷ ᠬᠦᠭᠵᠢᠭᠦᠯᠵᠦ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ