8 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠠᠹᠷᠢᠺᠠ ᠲᠢᠪ ᠤᠨ ᠤᠯᠤᠰ ᠤᠳ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ | ᠬᠠᠮᠲᠤ ᠶᠢᠨ ᠴᠣᠭᠴᠠ ᠮᠥᠨ᠂ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠢᠨ ᠢᠲᠡᠭᠡᠯᠴᠡᠭᠡ ᠬᠠᠮᠲᠤᠷᠠᠯᠴᠠᠭ᠎ᠠ ᠪᠠᠨ ᠨᠡᠮᠡᠭᠳᠡᠭᠦᠯᠬᠦ᠂ ᠳᠡᠯᠡᠬᠡᠢ ᠶᠢᠨ ᠡᠩᠬᠡ | ᠲᠠᠶᠢᠪᠤᠩ ᠢ ᠬᠠᠮᠠᠭᠠᠯᠠᠬᠤ᠂ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠳᠠᠭ᠃ ᠳᠤᠮᠳᠠᠳᠤ | ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠷᠪᠠᠨ ᠵᠢᠯ ᠤᠨ ᠲᠤᠷᠰᠢ᠂ ᠳᠤᠮᠳᠠᠳᠤ ᠠᠹᠷᠢᠺᠠ ᠶᠢᠨ | ᠵᠠᠭᠤᠴᠢᠯᠠᠭᠤᠷ ᠤᠨ ᠶᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠴᠢᠬᠤᠯᠠ ᠲᠠᠪᠴᠠᠩ ᠬᠠᠩᠭᠠᠵᠤ᠂ ᠳᠤᠮᠳᠠᠳᠤ ᠠᠹᠷᠢᠺᠠ ᠶᠢᠨ ᠪᠣᠯᠪᠠᠰᠤᠨ ᠤ ᠰᠣᠯᠢᠯᠴᠠᠭ᠎ᠠ | ᠲᠤᠯᠢᠳᠠᠯ ᠢ ᠠᠬᠢᠭᠤᠯᠬᠤ᠂ ᠳᠤᠮᠳᠠᠳᠤ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠢᠨ ᠳᠤᠮᠳᠠᠳᠤ ᠠᠹᠷᠢᠺᠠ ᠶᠢᠨ ᠨᠥᠬᠦᠷᠰᠡᠭ | ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠠᠬᠢᠭᠤᠯᠤᠬᠴᠢ᠂ ᠲᠥᠪ ᠭᠤᠣᠯᠴᠢ ᠰᠢᠳᠤᠷᠭᠤ | ᠶᠣᠰᠣᠨ ᠤ ᠰᠠᠬᠢᠨ ᠪᠠᠷᠠᠯᠠᠬᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠠᠬᠢᠭᠤᠯᠤᠬᠴᠢ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ | ᠠᠹᠷᠢᠺᠠ ᠶᠢᠨ ᠦᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠤᠯᠠᠮᠵᠢᠯᠠᠵᠤ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ | ᠭᠡᠵᠦ ᠴᠢᠬᠤᠯᠠᠴᠢᠯᠠᠪᠠ᠃ | ᠲᠠᠪᠤᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠲᠤᠰ ᠡᠳᠦᠷ ᠪᠡᠭᠡᠵᠢᠩ ᠳᠤ | ᠶᠠᠪᠤᠭᠳᠠᠵᠤ᠂ ︽ᠰᠢᠨ᠎ᠡ ᠬᠦᠰᠡᠯ ᠰᠢᠨ᠎ᠡ ᠬᠥᠭᠵᠢᠯᠲᠡ ᠰᠢᠨ᠎ᠡ ᠬᠠᠮᠲᠤᠷᠠᠯᠴᠠᠭ᠎ᠠ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠤᠯᠤᠰ ᠤᠨ ᠤᠯᠤᠰ ᠤᠨ ᠷᠠᠳᠢᠣ᠋ | ᠲᠧᠯᠸᠢᠰ ᠤᠨ ᠶᠡᠷᠦᠩᠬᠡᠢ ᠲᠣᠪᠴᠢᠶ᠎ᠠ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠠᠹᠷᠢᠺᠠ ᠲᠢᠪ ᠤᠨ ᠷᠠᠳᠢᠣ᠋ ᠨᠡᠪᠲᠡᠷᠡᠭᠦᠯᠭᠡ ᠶᠢᠨ | ᠬᠤᠯᠪᠣᠭ᠎ᠠ ᠠᠴᠠ ᠬᠠᠮᠲᠤ ᠪᠠᠷ ᠭᠤᠣᠯᠯᠠᠨ ᠡᠷᠬᠢᠯᠡᠪᠡ᠃ | |