ᠰᠢ ᠶᠢᠨ ᠫᠢᠩ ᠭᠠᠳᠠᠭᠠᠳᠤ ᠬᠡᠯᠡᠨ ᠤ ᠬᠡᠪᠯᠡᠯ ᠤᠨ ᠬᠤᠷᠢᠶᠠᠨ ᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠵᠦ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ
ᠨᠡᠶᠢᠲᠡᠯᠡᠭᠰᠡᠨ ᠴᠠᠭ᠄
2022/8/30
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 25 ᠤ ᠡᠳᠦᠷ ᠭᠠᠳᠠᠭᠠᠳᠤ ᠬᠡᠯᠡᠨ ᠤ ᠬᠡᠪᠯᠡᠯ ᠤᠨ ᠬᠤᠷᠢᠶᠠᠨ ᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠵᠦ᠂ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠢᠶᠠᠷ᠂ ᠬᠤᠷᠢᠶᠠᠨ ᠤ ᠪᠦᠬᠦ ᠠᠵᠢᠯᠲᠠᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠵᠦ᠂ ᠭᠠᠳᠠᠭᠠᠳᠤ ᠶᠢᠨ ᠲᠤᠰᠬᠠᠢ ᠮᠡᠷᠭᠡᠵᠢᠯᠲᠡᠳ ᠢ ᠳᠣᠲᠣᠨᠣ ᠪᠠᠷ ᠵᠣᠷᠢᠭᠵᠢᠭᠤᠯᠪᠠ᠃     ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠡᠯ᠎ᠡ ᠲᠤᠰᠬᠠᠢ ᠮᠡᠷᠭᠡᠵᠢᠯᠲᠡᠨ ᠠᠳᠠᠯᠢ ᠪᠤᠰᠤ ᠤᠯᠤᠰ ᠠᠴᠠ ᠢᠷᠡᠵᠦ᠂ ᠠᠳᠠᠯᠢ ᠪᠤᠰᠤ ᠰᠣᠶᠣᠯ ᠤᠨ ᠤᠷᠴᠢᠨ ᠲᠠᠢ ᠂ ᠴᠦᠮ ᠳᠤᠮᠳᠠᠳᠤ ᠤᠯᠤᠰ ᠢ ᠬᠠᠶᠢᠷᠠᠯᠠᠵᠤ᠂ ᠳᠤᠮᠳᠠᠳᠤ ᠶᠢᠨ ᠰᠣᠶᠣᠯ ᠢ ᠪᠠᠭ᠋ᠠᠷᠬᠠᠨ ᠬᠠᠶᠢᠷᠠᠯᠠᠵᠤ᠂ ᠳᠤᠮᠳᠠᠳᠤ ᠤᠯᠤᠰ ᠤᠨ ᠭᠠᠳᠠᠭᠠᠳᠤ ᠣᠷᠴᠢᠭᠤᠯᠭ᠎ᠠ ᠶᠢᠨ ᠬᠡᠪᠯᠡᠯ ᠤᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠤ ᠬᠡᠯᠡᠪᠡ᠃      ᠰᠢ ᠶᠢᠨ ᠫᠢᠩ᠂ ᠣᠷᠴᠢᠭᠤᠯᠭ᠎ᠠ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠰᠣᠯᠢᠯᠴᠠᠭ᠎ᠠ ᠶᠢ ᠠᠬᠢᠭᠤᠯᠬᠤ ᠴᠢᠬᠤᠯᠠ ᠠᠵᠢᠯ ᠮᠥᠨ᠃ ᠳᠤᠮᠳᠠᠳᠤ ᠤᠯᠤᠰ ᠤᠨ ᠲᠡᠦᠬᠡᠨ ᠳᠡᠭᠡᠷ᠎ᠡ ᠪᠤᠷᠬᠠᠨ ᠤ ᠰᠤᠳᠤᠷ ᠢ ᠬᠢᠲᠠᠳ ᠢᠶᠠᠷ ᠣᠷᠴᠢᠭᠤᠯᠤᠭᠰᠠᠨ᠂ ᠣᠷᠴᠢᠨ ᠦᠶ᠎ᠡ ᠶᠢᠨ ᠥᠷᠥᠨᠡᠳᠠᠬᠢᠨ ᠤ ᠡᠷᠳᠡᠮ ᠰᠢᠨᠵᠢᠯᠡᠭᠡ ᠰᠣᠶᠣᠯ ᠤᠨ ᠪᠦᠲᠦᠭᠡᠯ ᠢ ᠬᠢᠲᠠᠳ ᠢᠶᠠᠷ ᠣᠷᠴᠢᠭᠤᠯᠤᠭᠰᠠᠨ᠂ ᠮᠠᠷᠺᠰ ᠤᠨ ᠦᠵᠡᠯ ᠤᠨ ᠰᠣᠩᠭᠤᠳᠠᠭ ᠵᠣᠬᠢᠶᠠᠯ ᠢ ᠣᠷᠴᠢᠭᠤᠯᠵᠤ ᠤᠯᠠᠮᠵᠢᠯᠠᠭᠰᠠᠨ᠂ ᠠᠷᠪᠠᠨ ᠲᠤᠯᠤᠭ᠎ᠠ᠂ ᠠᠷᠪᠠᠨ ᠨᠠᠢᠮᠠᠳᠤᠭᠠᠷ ᠵᠠᠭᠤᠨ ᠤ ᠳᠤᠮᠳᠠᠳᠤ ᠤᠯᠤᠰ ᠤᠨ ᠰᠣᠶᠣᠯ ᠤᠨ ᠰᠣᠩᠭᠤᠳᠠᠭ ᠵᠣᠬᠢᠶᠠᠯ ᠤᠨ ᠧᠦ᠋ᠷᠣᠫᠠ ᠳᠤ ᠤᠯᠠᠮᠵᠢᠯᠠᠭᠳᠠᠭᠰᠠᠨ ᠨᠢ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠵᠠᠢ᠃ ᠥᠨᠥᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠶᠢ ᠡᠭᠦᠳᠴᠡᠢ᠃ ᠵᠥᠪ ᠣᠨᠣᠪᠴᠢᠲᠠᠶ ᠠᠮᠢᠳᠤᠯᠢᠭ ᠣᠷᠴᠢᠭᠤᠯᠤᠨ ᠲᠠᠨᠢᠯᠴᠠᠭᠤᠯᠬᠤ ᠪᠠᠷ ᠳᠠᠮᠵᠢᠨ᠂ ᠳᠡᠯᠡᠬᠡᠶ ᠳ᠋ᠠᠬᠢᠨ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠢ ᠨᠠᠩ ᠰᠠᠶᠢᠲᠤᠷ ᠲᠠᠨᠢᠭᠤᠯᠬᠤ ᠨᠢ᠂ ᠳᠤᠮᠳᠠᠳᠤ ᠭᠠᠳᠠᠭᠠᠳᠤ ᠶᠢᠨ ᠪᠣᠯᠪᠠᠰᠤᠨ ᠤ ᠰᠣᠯᠢᠯᠴᠠᠭ᠎ᠠ ᠲᠣᠯᠢᠯᠠᠯ ᠢ ᠠᠬᠢᠭᠤᠯᠬᠤ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠡᠯ᠎ᠡ ᠲᠤᠰᠬᠠᠢ ᠮᠡᠷᠭᠡᠵᠢᠯᠲᠡᠨ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠲᠤ ᠠᠵᠢᠯᠯᠠᠵᠤ᠂ ᠳᠤᠮᠳᠠᠳᠤ ᠤᠯᠤᠰ ᠤᠨ ᠲᠡᠦᠬᠡ ᠰᠣᠶᠣᠯ᠂ ᠦᠨᠳᠦᠰᠦᠲᠡᠨ ᠤ ᠣᠨᠴᠠᠯᠢᠭ᠂ ᠬᠥᠭᠵᠢᠯᠲᠡ ᠶᠢᠨ ᠶᠠᠪᠤᠴᠠ ᠶᠢᠨ ᠲᠤᠬᠠᠢ ᠭᠦᠨᠵᠡᠭᠡᠢ ᠣᠶᠢᠯᠠᠭᠠᠯᠲᠠ ᠲᠠᠢ ᠶᠤᠮ᠃ ᠲᠠ ᠨᠠᠷ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠭᠠᠳᠠᠭᠠᠳᠤ ᠶᠢ ᠨᠡᠪᠳᠡᠷᠡᠯᠴᠡᠭᠦᠯᠦᠭᠰᠡᠨ ᠦᠭᠡ ᠬᠡᠯᠡ᠂ ᠰᠢᠯᠢᠳᠡᠭ ᠣᠷᠴᠢᠭᠤᠯᠭ᠎ᠠ ᠶᠢᠨ ᠪᠦᠲᠦᠭᠡᠯ ᠢᠶᠠᠷ ᠢᠶᠠᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠭᠠᠳᠠᠭᠠᠳᠤ ᠶᠢᠨ ᠤᠩᠰᠢᠭᠴᠢᠳ ᠢ ᠬᠦᠳᠦᠯᠦᠨ ᠵᠢᠯᠤᠭᠤᠳᠴᠤ ᠳᠤᠮᠳᠠᠳᠤ ᠤᠯᠤᠰ ᠢ ᠣᠶᠢᠯᠠᠭᠠᠭᠤᠯᠵᠤ᠂ ᠳᠤᠮᠳᠠᠳᠤ ᠤᠯᠤᠰ ᠪᠣᠯᠤᠨ ᠳᠡᠯᠡᠬᠡᠢ ᠶᠢᠨ ᠡᠯ᠎ᠡ ᠤᠯᠤᠰ ᠤᠨ ᠰᠣᠯᠢᠯᠴᠠᠭ᠎ᠠ ᠤᠯᠤᠯᠴᠠᠭ᠎ᠠ ᠶᠢ ᠠᠬᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃      ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ 1952 ᠣᠨ ᠳᠤ ᠪᠠᠶᠢᠭᠤᠯᠤᠭᠳᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠢ ᠬᠠᠮᠤᠭ ᠤᠨ ᠡᠷᠲᠡ ᠪᠠᠶᠢᠭᠤᠯᠤᠬᠳᠠᠬᠰᠠᠨ ᠭᠠᠳᠠᠭᠠᠳᠤ ᠳᠤ ᠵᠣᠷᠢᠭᠤᠯᠤᠭᠰᠠᠨ ᠬᠡᠪᠯᠡᠯ ᠤᠨ ᠪᠠᠶᠢᠭᠤᠯᠤᠮᠵᠢ ᠪᠣᠯᠤᠨ᠎ᠠ᠃ 70 ᠵᠢᠯ ᠤᠨ ᠲᠤᠷᠰᠢ᠂ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ 40 ᠭᠠᠷᠤᠢ ᠵᠦᠢᠯ ᠤᠨ ᠦᠰᠦᠭ ᠪᠢᠴᠢᠭ ᠢᠶᠠᠷ ᠤᠳᠤᠷᠢᠳᠬᠤ ᠬᠥᠮᠦᠨ ᠤ ᠵᠣᠬᠢᠶᠠᠯ᠂ ᠨᠠᠮ ᠵᠠᠰᠠᠭ ᠤᠨ ᠲᠤᠯᠭᠤᠷ ᠪᠢᠴᠢᠭ᠂ ᠤᠯᠤᠰ ᠤᠨ ᠪᠠᠶᠢᠳᠠᠯ ᠤᠨ ᠤᠩᠰᠢᠬᠤ ᠪᠢᠴᠢᠭ᠂ ᠰᠣᠶᠣᠯ ᠤᠨ ᠰᠣᠩᠭᠤᠳᠠᠭ ᠵᠣᠬᠢᠶᠠᠯ ᠵᠡᠷᠭᠡ ᠶᠢ ᠪᠠᠭᠲᠠᠭᠠᠭᠰᠠᠨ 3 ᠲᠦᠮᠡ ᠭᠠᠷᠤᠢ ᠵᠦᠢᠯ ᠤᠨ ᠨᠣᠮ ᠪᠢᠴᠢᠭ ᠢ ᠣᠷᠴᠢᠭᠤᠯᠤᠨ ᠬᠡᠪᠯᠡᠭᠦᠯᠵᠦ᠂ ᠪᠦᠬᠦ ᠳᠡᠯᠡᠬᠡᠢ ᠳᠤ 4 ᠳ᠋ᠦᠩᠰᠢᠭᠤᠷ ᠭᠠᠷᠤᠢ ᠳᠡᠪᠲᠡᠷ ᠲᠠᠷᠬᠠᠭᠠᠵᠠᠢ᠃ ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ ᠬᠤᠷᠢᠶᠠᠨ ᠤ 5 ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠵᠡᠷᠭᠡ ᠨᠣᠮ ᠪᠢᠴᠢᠭ ᠢ ᠣᠷᠴᠢᠭᠤᠯᠤᠨ ᠬᠡᠪᠯᠡᠭᠦᠯᠬᠦ ᠳᠤ ᠣᠷᠣᠯᠴᠠᠭᠰᠠᠨ ᠭᠦᠨᠵᠡᠭᠡᠶ ᠲᠥᠷᠥᠭᠳᠡᠯ ᠢᠶᠠᠨ ᠶᠠᠷᠢᠵᠤ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠢ ᠣᠶᠢᠯᠠᠭᠠᠭᠤᠯᠬᠤ ᠠᠵᠢᠯ ᠳᠤ ᠤᠷᠤᠯᠴᠠᠭᠰᠠᠨ ᠣᠮᠣᠭᠰᠢᠯᠲᠤ ᠰᠡᠳᠭᠢᠯᠭᠡ ᠪᠠᠨ ᠢᠯᠡᠳᠭᠡᠭᠰᠡᠨ ᠪᠠᠶᠢᠨ᠎ᠠ᠃       
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ