ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/8/30
     8 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 2022 ᠣᠨ ᠤ ᠳᠤᠤᠷ᠎ᠠ ᠬᠠᠭᠠᠰ ᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ 1—7 ᠳ᠋ᠤᠭᠠᠷ ᠰᠠᠷ᠎ᠠ ᠶᠢᠨ ᠲᠤᠬᠠᠶᠢᠯᠠᠭᠰᠠᠨ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠭᠰᠠᠨ ᠤ ᠬᠠᠮᠲᠤ ᠳᠤᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠄ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠠᠩᠬᠠᠳᠠᠭᠴᠢ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢ ᠭᠦᠢᠴᠡᠳᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠠᠶᠢᠯᠪᠤᠷᠢᠯᠠᠵᠤ ᠶᠣᠰᠣ ᠶᠠᠷᠢᠬᠤ ᠠᠵᠢᠯ ᠢ ᠰᠠᠶᠢᠲᠤᠷ ᠬᠢᠵᠦ᠂ ᠬᠡᠷᠡᠭ ᠳᠠᠷᠠᠭᠠᠯᠠᠨ ᠪᠣᠭᠤᠮᠲᠠ ᠰᠢᠪᠲᠤᠯᠤᠨ ᠰᠢᠢᠳᠪᠦᠷᠢᠯᠡᠬᠦ ᠬᠡᠷᠡᠭᠲᠡᠶ︔ ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠴᠢᠩᠭ᠎ᠠ ᠠᠩᠬᠠᠷᠴᠤ᠂ ᠬᠡᠷᠡᠭ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠣᠮᠣ ᠳ᠋ᠡᠶᠢᠲ᠋ᠡ ᠶᠢ ᠠᠰᠢᠭᠯᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠥᠷᠨᠢᠭᠦᠯᠬᠦ ᠬᠡᠷᠡᠭᠲᠡᠶ︔ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠢ᠂ ᠡᠪᠡᠰᠦ ᠪᠡᠯᠴᠢᠭᠡᠷ᠂ ᠠᠭᠤᠷᠬᠠᠢ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ︔ ᠲᠦᠷᠦᠯ ᠲᠡᠮᠳᠡᠭ ᠤᠨ ᠪᠠᠶᠢᠭᠤᠯᠤᠯᠲᠠ᠂ ᠭᠢᠯᠠᠰ ᠴᠢᠭ ᠪᠤᠶᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ︔ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃

法院主题党日1.jpg

法院主题党日2.jpg

 

法院主题党日3.jpg

法院主题党日4.jpg

 

法院主题党日5.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ