ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠵᠣᠬᠢᠶᠠᠨ | ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠢ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠰᠢᠶᠠᠨ ᠹᠧᠩ ᠲᠣᠰᠬᠤᠨ᠂ ᠦᠬᠠᠶ ᠲᠣᠰᠬᠤᠨ᠂ ᠳ᠋ᠠ | ᠶᠢᠦ ᠬᠥᠩ ᠲᠣᠰᠬᠤᠨ ᠳᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠶᠢᠯᠤᠮᠵᠢ ᠬᠢᠯᠬᠡᠬᠦ ᠶᠢᠨ ᠬᠠᠮᠲᠣ ᠲᠠᠷᠢᠶᠠᠨ ᠭᠠᠵᠠᠷ ᠲᠤ | ᠬᠦᠷᠴᠦ᠂ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠮᠠᠯ ᠤᠨ ᠮᠡᠷᠭᠡᠵᠢᠯ᠂ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ | ᠪᠠ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠰᠠᠭᠤᠳᠠᠯ ᠤᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ | ᠡᠨᠡ ᠵᠢᠯ ᠠᠴᠠ ᠨᠠᠰᠢ᠂ ᠤᠷᠠᠳ ᠤᠨ ᠡᠮᠦᠨᠡᠲᠦ ᠬᠤᠰᠢᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠨ ᠳᠠᠬᠢ ᠴᠢᠳᠠᠪᠤᠷᠢᠲᠠᠨ ᠢ ᠵᠣᠬᠢᠶᠠᠨ ᠪᠠᠶᠢᠭᠤᠯᠵᠤ᠂ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠪᠠ ᠨᠠᠷᠢᠯᠢᠭ | ᠣᠨᠣᠴᠠᠲᠠᠶ ᠪᠠᠷ ᠴᠡᠭ ᠲᠣᠭᠲᠠᠭᠠᠨ ᠰᠣᠩᠭᠤᠨ ᠲᠣᠮᠢᠯᠠᠬᠤ᠂ ᠣᠷᠳᠣ ᠬᠤᠭᠤᠴᠠᠭ᠎ᠠ ᠪᠠᠷ ᠦᠢᠯᠡᠴᠢᠯᠡᠬᠦ ᠪᠠ ᠣᠬᠤᠷ ᠬᠤᠭᠤᠴᠠᠭ᠎ᠠ ᠪᠠᠷ ᠲᠣᠮᠢᠯᠠᠨ ᠰᠠᠭᠤᠯᠭᠠᠬᠤ᠂ | ᠲᠥᠪᠯᠡᠷᠡᠭᠦᠯᠦᠨ ᠨᠢᠭᠡᠳᠦᠯᠲᠡᠶ ᠵᠣᠬᠢᠶᠠᠨ ᠪᠠᠶᠢᠭᠤᠯᠬᠤ ᠪᠠ ᠲᠠᠷᠠᠬᠠᠶ ᠪᠤᠲᠠᠷᠬᠠᠶ ᠵᠣᠬᠢᠶᠠᠨ ᠪᠠᠶᠢᠭᠤᠯᠬᠤ᠂ ᠶᠡᠭᠡ ᠬᠡᠪᠴᠢᠶ᠎ᠡ ᠪᠠᠷ ᠪᠣᠯᠪᠠᠰᠤᠷᠠᠭᠤᠯᠬᠤ ᠪᠠ ᠲᠤᠬᠠᠶ ᠶᠢᠨ | ᠲᠠᠯᠠᠪᠤᠷ ᠲᠤ ᠵᠢᠭᠠᠨ ᠵᠢᠯᠣᠭᠤᠳᠬᠤ ᠶᠢ ᠤᠶᠠᠯᠳᠤᠭᠤᠯᠬᠤ ᠵᠡᠷᠭᠡ ᠬᠡᠯᠪᠡᠷᠢ ᠪᠠᠷ ᠲᠤᠰᠬᠠᠶ ᠮᠡᠷᠭᠡᠵᠢᠯᠲᠡᠨ ᠴᠢᠳᠠᠪᠤᠷᠢᠲᠠᠨ ᠢ ᠵᠣᠬᠢᠶᠠᠨ ᠪᠠᠶᠢᠭᠤᠯᠵᠤ ᠦᠨᠳᠦᠰᠦᠨ | ᠱᠠᠲᠤᠨ ᠤ ᠨᠢᠭᠡᠳᠦᠭᠡᠷ ᠱᠠᠲᠤᠨ ᠳᠤ ᠬᠦᠷᠴᠦ ᠦᠢᠯᠡᠴᠢᠯᠡᠭᠡ ᠥᠷᠨᠢᠭᠦᠯᠪᠡ᠃ 12396 ᠲᠠᠪᠴᠠᠩ ᠢ ᠰᠣᠩᠭᠤᠨ ᠤᠷᠢᠬᠤ ᠦᠢᠯᠡᠴᠢᠯᠡᠬᠡᠨ ᠤ ᠲᠤᠰᠬᠠᠶ | ᠮᠡᠷᠭᠡᠵᠢᠯᠲᠡᠨ ᠢ 35 ᠨᠡᠷᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢ 26 ᠨᠡᠷᠡᠰ᠂ ︽ᠭᠤᠷᠪᠠᠨ ᠲᠣᠭᠤᠷᠢᠭ︾ ᠤᠨ ᠴᠢᠳᠠᠪᠤᠷᠢᠲᠠᠨ ᠢ | 13 ᠨᠡᠷᠡᠰ ᠣᠷᠢᠵᠣ᠂ ᠬᠠᠭᠤᠳᠠᠰᠤ ᠲᠠᠷᠬᠠᠭᠠᠬᠤ ᠠᠵᠢᠯ ᠢ ᠨᠡᠶᠢᠲᠡ 1300 ᠭᠠᠷᠤᠶ ᠤᠳᠠᠭ᠎ᠠ ᠥᠷᠨᠢᠭᠦᠯᠵᠦ᠂ ᠲᠠᠷᠢᠶᠠᠨ ᠭᠠᠵᠠᠷ ᠤᠨ ᠠᠬᠤᠶ ᠲᠠᠯᠠᠪᠠᠶ ᠶᠢᠨ | ᠲᠣᠭᠤᠷᠢᠨ ᠦᠵᠡᠬᠦ ᠬᠤᠷᠠᠯ ᠢ 3 ᠤᠳᠠᠭ᠎ᠠ ᠬᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠤᠨ ᠳᠤᠮᠳᠠᠬᠢ ᠠᠰᠠᠭᠤᠳᠠᠯ ᠢ 467 ᠰᠢᠢᠳᠪᠦᠷᠢᠯᠡᠵᠦ᠂ | ᠲᠤᠷᠰᠢᠯᠲᠠ ᠶᠢᠨ ᠵᠢᠱᠢᠶ᠎ᠡ ᠦᠵᠡᠭᠦᠯᠬᠦ᠂ ᠰᠢᠨ᠎ᠡ ᠲᠥᠷᠥᠯ ᠵᠦᠢᠯ ᠣᠷᠣᠭᠤᠯᠬᠤ ᠵᠢᠴᠢ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ 78 ᠵᠦᠢᠯ ᠳᠡᠯᠭᠡᠷᠡᠭᠦᠯᠪᠡ᠃ | ᠲᠥᠪᠯᠡᠷᠡᠭᠦᠯᠦᠨ ᠠᠩᠭᠢ ᠡᠷᠬᠢᠯᠡᠬᠦ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠲᠤᠬᠠᠶ ᠶᠢᠨ ᠲᠠᠯᠠᠪᠠᠶ ᠳᠤ ᠵᠢᠱᠢᠶ᠎ᠡ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ | ︽ᠲᠣᠭᠲᠠᠮᠠᠯ ᠬᠢᠴᠢᠶᠡᠯ ᠤᠨ ᠲᠢᠩᠬᠢᠮ᠂ ᠨᠡᠭᠦᠳᠡᠯ ᠬᠢᠴᠢᠶᠡᠯ ᠤᠨ ᠲᠢᠩᠬᠢᠮ᠂ ᠲᠠᠷᠢᠶᠠᠨ ᠭᠠᠵᠠᠷ ᠤᠨ ᠬᠢᠴᠢᠶᠡᠯ ᠤᠨ ᠲᠢᠩᠬᠢᠮ︾ ᠤᠨ ᠳᠠᠪᠠᠭᠤᠯᠢᠭ ᠢ ᠪᠠᠳᠠᠷᠠᠭᠤᠯᠵᠤ᠂ | ᠨᠡᠶᠢᠲᠡ 172 ᠲᠠᠯᠠᠪᠠᠶ ᠤᠳᠠᠭ᠎ᠠ ᠳᠤ 9 . 8 ᠲᠦᠮᠡᠨ ᠬᠥᠮᠦᠨ ᠤᠳᠠᠭ᠎ᠠ ᠶᠢ ᠪᠣᠯᠪᠠᠰᠣᠷᠠᠯ ᠳᠤ ᠣᠷᠣᠯᠴᠠᠭᠤᠯᠪᠠ᠃ |