ᠤᠷᠠᠳ ᠤᠨ ᠡᠮᠦᠨᠡᠲᠦ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡᠳᠦᠭᠡᠷ ᠭᠠᠷ︾ ᠤᠨ ᠠᠵᠢᠯ ᠤᠨ ᠲᠠᠰ ᠳᠠᠷᠠᠭᠠᠯᠠᠯ ᠢ ᠬᠤᠪᠢᠷᠠᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠳᠠᠬᠢᠨ ᠳᠡᠭᠡᠭᠰᠢᠯᠡᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2022/8/30
      8 ᠰᠠᠷ᠎ᠠ ᠶᠢᠨ 24 ᠤ ᠡᠳᠦᠷ ᠠᠴᠠ ᠡᠬᠢᠯᠡᠨ᠂ ᠤᠷᠠᠳ ᠤᠨ ᠡᠮᠦᠨᠡᠲᠦ ᠬᠤᠰᠢᠭᠤ ᠨᠢᠭᠡ ᠭᠠᠷᠠᠭ ᠤᠨ ᠬᠤᠭᠤᠴᠠᠭ᠎ᠠ ᠲᠠᠢ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠡᠳᠦᠷ︾ ᠤᠨ ᠠᠵᠢᠯᠯᠠᠭ᠎ᠠ ᠥᠷᠨᠢᠭᠦᠯᠵᠦ᠂ ᠲᠢᠩᠬᠢᠮ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠶᠡᠭᠡ ᠲᠢᠩᠬᠢᠮ ᠳᠤ ᠣᠷᠣᠵᠤ᠂ ᠴᠤᠪᠤᠷᠠᠯ ᠢᠶᠠᠷ ᠶᠠᠪᠤᠵᠤ᠂ ᠴᠣᠩᠬᠤᠪᠴᠢ ᠳᠤ ᠰᠠᠭᠤᠵᠤ᠂ ᠦᠨᠡᠨ ᠪᠣᠳᠠᠲᠠᠶ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ  ᠰᠢᠢᠳᠪᠦᠷᠢᠯᠡᠨ ᠥᠭᠴᠦ᠂ ᠠᠵᠢᠯ ᠤᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃      ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠠᠩ ᠰᠢᠶᠤᠤ ᠳ᠋ᠦᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠢᠶᠠᠩ ᠰᠢᠤᠸᠠᠢ ᠠᠵᠢᠯᠯᠠᠭ᠎ᠠ ᠳᠤ ᠣᠷᠣᠯᠴᠠᠭᠰᠠᠨ ᠪᠥᠭᠡᠳ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠵᠤ᠂ ᠵᠠᠰᠠᠭ ᠤᠨ ᠶᠠᠪᠤᠳᠠᠯ ᠤᠨ ᠲᠢᠩᠬᠢᠮ ᠤᠨ ᠨᠢᠭᠡᠴᠢ ᠶᠢᠨ ᠣᠷᠣᠵᠤ ᠰᠠᠭᠤᠭᠰᠠᠨ᠂ ᠲᠤᠬᠠᠶᠢᠯᠠᠭᠰᠠᠨ ᠠᠵᠢᠯ ᠤᠨ  ᠭᠦᠢᠴᠡᠳᠭᠡᠯ ᠬᠢᠭᠰᠡᠨ᠂ ᠴᠣᠩᠬᠤᠪᠴᠢ ᠶᠢᠨ ᠡᠷᠬᠡ ᠣᠯᠭᠤᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠨᠢᠭᠡᠴᠢ ᠶᠢᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ᠂ ᠠᠵᠢᠯ ᠶᠠᠪᠤᠳᠠᠯ  ᠭᠦᠢᠴᠡᠳᠭᠡᠬᠦ ᠴᠤᠪᠤᠷᠠᠯ᠂ ᠠᠵᠢᠯ ᠶᠠᠪᠤᠳᠠᠯ  ᠭᠦᠢᠴᠡᠳᠭᠡᠬᠦ ᠴᠠᠭ ᠤᠨ ᠬᠢᠵᠠᠭᠠᠷ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃     ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠡᠳᠦᠷ︾ ᠲᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ  ᠭᠦᠢᠴᠡᠳᠭᠡᠬᠦ ᠲᠢᠩᠬᠢᠮ ᠳᠤ ᠰᠠᠭᠤᠭ᠎ᠠ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠶᠢᠨ 25 ︽ᠨᠢᠭᠡᠳᠦᠭᠡᠷ ᠭᠠᠷ︾ ᠨᠢ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠪᠡᠶ᠎ᠡ ᠬᠡᠮ᠂ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠥᠬᠦ ᠶᠠᠪᠤᠴᠠ ᠪᠠᠷ ᠪᠡᠶᠡᠴᠢᠯᠡᠨ ᠣᠶᠢᠯᠠᠭᠠᠵᠤ᠂ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠡᠮᠦᠨ᠎ᠡ ᠲᠠᠪᠴᠠᠩ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠢᠶᠠᠷ ᠬᠢᠨᠠᠨ ᠬᠠᠷᠭᠤᠭᠤᠯᠬᠤ ᠵᠡᠷᠭᠡ ᠡᠯ᠎ᠡ ᠭᠤᠭᠴᠤᠭ᠎ᠠ ᠳᠤ ᠲᠢᠩᠬᠢᠮ ᠳᠤ ᠰᠠᠭᠤᠭ᠎ᠠ ᠠᠵᠢᠯᠲᠠᠨ ᠲᠠᠢ ᠰᠠᠨᠠᠯ ᠢᠶᠠᠨ ᠰᠣᠯᠢᠯᠴᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠠᠷᠭ᠎ᠠ ᠵᠠᠮ ᠢ  ᠰᠦᠪᠡᠭᠴᠢᠯᠡᠪᠡ᠃      ᠳᠠᠷᠠᠭ᠎ᠠ ᠨᠢ᠂ ︽ᠨᠢᠭᠡᠳᠦᠭᠡᠷ ᠭᠠᠷ︾ ᠨᠢ ᠪᠠᠰᠠ ᠴᠤᠩᠬᠤᠪᠴᠢ ᠶᠢᠨ ᠠᠵᠢᠯᠲᠠᠨ ᠪᠣᠯᠵᠣ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ ᠬᠠᠯᠠᠭᠤᠨ ᠢᠶᠠᠷ ᠭᠥᠯᠢᠶᠡᠨ ᠠᠪᠴᠤ᠂ ᠨᠢᠭᠡ ᠲᠠᠯ᠎ᠠ ᠪᠠᠷ ᠠᠵᠢᠯ ᠶᠠᠪᠤᠳᠠᠯ  ᠭᠦᠢᠴᠡᠳᠭᠡᠬᠦ ᠶᠠᠪᠤᠴᠠ ᠶᠢ ᠡᠮᠬᠢ ᠴᠡᠭᠴᠡ ᠲᠠᠢ ᠡᠮᠬᠢᠯᠡᠵᠦ᠂ ᠨᠥᠭᠦᠭᠡ ᠲᠠᠯ᠎ᠠ ᠪᠠᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠤᠬᠠᠶ ᠰᠠᠨᠠᠭᠤᠯᠭ᠎ᠠ ᠶᠢ ᠣᠶᠢᠯᠠᠭᠠᠪᠠ᠃ ᠲᠣᠰ ᠤᠳᠠᠭᠠᠨ ᠤ ᠠᠵᠢᠯᠯᠠᠭ᠎ᠠ ᠳᠤ᠂ ᠡᠯ᠎ᠡ ᠨᠢᠭᠡᠴᠢ ᠶᠢᠨ ︽ᠨᠢᠭᠡᠳᠦᠭᠡᠷ ᠭᠠᠷ︾ ᠶᠡᠭᠡ ᠲᠢᠩᠬᠢᠮ ᠳᠤ ᠣᠷᠣᠵᠤ ᠲᠣᠰ ᠰᠠᠯᠠᠭ᠎ᠠ ᠮᠥᠴᠢᠷ ᠤᠨ ᠢᠶᠠᠨ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠪᠠᠷ ᠭᠥᠯᠢᠶᠡᠨ ᠠᠪᠴᠤ  ᠰᠢᠢᠳᠪᠦᠷᠢᠯᠡᠬᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ  ᠵᠦᠢᠯᠡᠰ ᠢ  ᠭᠦᠢᠴᠡᠳᠭᠡᠬᠦ᠂ ︽ᠰᠠᠶᠢᠨ ᠮᠠᠭᠤ ᠦᠨᠡᠯᠡᠯᠲᠡ︾ ᠶᠢᠨ ᠠᠵᠢᠯ᠂ ︽12345︾ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠠᠵᠢᠯ ᠳᠤ ᠪᠥᠬᠦ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ ᠪᠡᠶᠡᠴᠢᠯᠡᠨ ᠣᠶᠢᠯᠠᠭᠠᠪᠠ᠃     ᠲᠤᠬᠠᠶ ᠶᠢᠨ ᠲᠠᠯᠠᠪᠤᠷ ᠲᠤᠨᠢ ᠭᠦᠢᠴᠡᠳᠭᠡᠬᠦ ᠂ ᠠᠰᠠᠭᠤᠳᠠᠯ ᠢ ᠡᠷᠢᠬᠦ᠂ ᠠᠷᠭ᠎ᠠ ᠬᠡᠮᠵᠢᠶ᠎ᠡ ᠶᠢ ᠶᠠᠷᠢᠯᠴᠠᠬᠤ᠂ ᠠᠰᠠᠭᠤᠳᠠᠯ ᠢ  ᠰᠢᠢᠳᠪᠦᠷᠢᠯᠡᠬᠦ ᠪᠠᠷ ᠳᠠᠮᠵᠢᠭᠤᠯᠤᠨ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ  ᠰᠢᠯᠢᠳᠡᠭᠵᠢᠭᠦᠯᠪᠡ ᠃     ︽ᠡᠯ᠎ᠡ ᠰᠠᠯᠠᠭ᠎ᠠ ᠮᠥᠴᠢᠷ ᠤᠨ ︿ᠨᠢᠭᠡᠳᠦᠭᠡᠷ ᠭᠠᠷ﹀ ᠤᠨ ᠪᠠᠶᠢᠴᠠᠭᠠᠨ ᠰᠤᠳᠤᠯᠤᠯᠲᠠ ᠬᠢᠵᠦ ᠪᠡᠶᠡᠴᠢ ᠴᠣᠭᠴᠠ ᠶᠢᠨ ᠠᠵᠢᠯ ᠡᠷᠭᠢᠯᠡᠬᠦ ᠪᠠ ᠬᠦᠴᠦᠨ ᠥᠬᠡᠶ ᠪᠣᠯᠭᠠᠬᠤ᠂ ᠨᠢᠭᠡ ᠤᠴᠢᠷ ᠢ ᠨᠢᠭᠡ ᠯᠡ ᠤᠳᠠᠭ᠎ᠠ ᠳᠤ  ᠭᠦᠢᠴᠡᠳᠭᠡᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ  ᠵᠦᠢᠯᠡᠰ ᠪᠠ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ 24 ᠴᠠᠭ ᠤᠨ  ᠦᠢᠯᠡᠴᠢᠯᠡᠭᠡᠨ ᠤ ᠪᠡᠯᠡᠳᠬᠡᠮᠵᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ᠨᠠᠩ ᠲᠥᠬᠦᠮ ᠨᠠᠩ ᠲᠦᠷᠭᠡᠨ ᠪᠣᠯᠭᠠᠨ᠎ᠠ︾ ᠭᠡᠵᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ  ᠫᠦ᠋ ᠬᠡᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ