ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠵᠢᠱᠢᠯᠲᠡ ᠪᠠᠷ ᠡᠯ᠎ᠡ ᠭᠠᠵᠠᠷ ᠤᠨ ᠬᠢᠨ ᠬᠦᠴᠢᠷᠳᠡᠯᠲᠡᠢ ᠣᠯᠠᠨ ᠲᠦᠮᠡᠨ ᠳᠤ ᠪᠠᠷᠤᠭ 200 ᠳ᠋ᠦᠩᠰᠢᠭᠤᠷ ᠲᠥᠭᠦᠷᠢᠭ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠣᠯᠭᠤᠬᠤ ᠪᠣᠯᠣᠨ᠎ᠠ ᠁ ᠡᠨᠡ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠮᠠᠰᠢ ᠴᠢᠬᠤᠯᠠ︕
ᠨᠡᠶᠢᠲᠡᠯᠡᠭᠰᠡᠨ ᠴᠠᠭ᠄
2022/8/31
     ᠲᠦᠷᠦ ᠶᠢᠨ ᠪᠣᠳᠣᠯᠭ᠎ᠠ Q&A      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠵᠢᠯ ᠢ ᠰᠤᠳᠤᠯᠵᠠᠢ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠵᠤᠷᠰᠢᠯᠲᠤ ᠬᠤᠷᠠᠯ ᠬᠢᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠲᠤᠬᠠᠢ ᠪᠠᠶᠢᠳᠠᠯ ᠢ ᠲᠠᠨᠢᠯᠴᠠᠭᠤᠯᠪᠠ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠪᠣᠳᠠᠲᠠᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ ᠪᠣᠶ︖ ᠬᠠᠮᠲᠤ ᠪᠠᠷ ᠠᠩᠬᠠᠷᠤᠶ᠎ᠠ︕     Q1     Q᠄ ᠣᠶᠢᠷ᠎ᠠ ᠶᠢᠨ ᠬᠤᠭᠤᠴᠠᠭᠠᠨ ᠳᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖      A᠄ ᠨᠢᠭᠡ ᠳᠤ᠂ ᠡᠯ᠎ᠡ ᠭᠠᠵᠠᠷ ᠤᠨ ᠬᠢᠨ ᠢ ᠵᠢᠯᠤᠭᠤᠳᠴᠤ ᠪᠠᠶᠢᠭᠠᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠨ᠎ᠠ᠃     ᠬᠤᠶᠠᠷ ᠲᠤ᠂ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠠᠳᠤᠢ ᠠᠵᠢᠯ ᠠᠯᠳᠠᠭᠰᠠᠳ ᠵᠡᠷᠭᠡ ᠬᠦᠴᠢᠷᠳᠡᠯ ᠲᠠᠢ ᠣᠯᠠᠨ ᠲᠦᠮᠡᠨ ᠳᠤ ᠬᠦᠴᠦ ᠶᠠᠪᠤᠵᠤ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠠᠴᠠ ᠨᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ ᠣᠯᠭᠤᠨ᠎ᠠ ᠃     ᠭᠤᠷᠪᠠ ᠳᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠵᠡᠷᠭᠡ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠲᠣᠭᠲᠠᠭᠤᠨ ᠪᠤᠰᠤ ᠠᠩᠭᠢᠵᠢᠷᠠᠭᠰᠠᠨ ᠨᠥᠬᠦᠴᠡᠯ ᠳᠤ ᠨᠡᠶᠢᠴᠡᠬᠦ ᠬᠥᠮᠥᠨ ᠠᠮᠠ ᠂ ᠬᠢᠯᠢ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠨ ᠠᠮᠠ ᠪᠠ ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯ ᠳᠤ ᠲᠤᠯᠭᠠᠷᠠᠭᠰᠠᠨ ᠡᠷᠦᠬᠡ ᠶᠢ ᠴᠠᠭ ᠲᠤᠬᠠᠢ ᠳᠤ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ ᠶᠢ ᠪᠠᠲᠤᠯᠠᠨ᠎ᠠ᠃      ᠳᠥᠷᠪᠡ ᠳᠤ᠂ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠠᠪᠤᠷᠠᠨ ᠲᠤᠰᠠᠯᠠᠬᠤ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠶᠢ ᠬᠦᠴᠢᠷᠳᠡᠯᠲᠡᠢ ᠣᠯᠠᠨ ᠲᠦᠮᠡᠨ ᠳᠤ ᠲᠦᠷᠭᠡᠬᠡᠨ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ ᠲᠦᠷᠦ ᠶᠢᠨ ᠪᠣᠳᠣᠯᠭ᠎ᠠ ᠶᠢ ᠱᠠᠯᠠᠪᠬᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠤ ᠬᠠᠮᠲᠤ᠂ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠱᠠᠲᠤᠴᠢ ᠴᠢᠨᠠᠷᠲᠠᠢ ᠪᠠᠷ ᠲᠣᠬᠢᠷᠠᠭᠤᠯᠵᠤ᠂ ︽ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠡᠬᠢᠯᠡᠭᠦᠯᠬᠦ ᠨᠥᠬᠦᠴᠡᠯ ᠢ ᠪᠠᠭᠤᠷᠠᠭᠤᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠳᠤ ᠪᠠᠷᠠᠭᠠᠨ ᠤ ᠦᠨ᠎ᠡ ᠶᠢᠨ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠪᠠᠷ ᠲᠣᠭᠲᠠᠭᠠᠪᠠ᠃     Q2      Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠶᠠᠭᠤ ᠪᠠᠶᠢᠳᠠᠭ ᠪᠣᠶ︖      A᠄ ᠨᠢᠭᠡ ᠳᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠱᠠᠲᠤᠴᠢ ᠴᠢᠨᠠᠷᠲᠠᠢ ᠪᠠᠷ ᠥᠷᠭᠡᠳᠬᠡᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ 2021 ᠣᠨ ᠳᠤ ᠵᠠᠰᠠᠪᠤᠷᠢ ᠣᠷᠣᠭᠤᠯᠤᠨ ᠪᠦᠷᠢᠨᠰᠢᠭᠦᠯᠵᠦ᠂ 7 ᠲᠥᠷᠥᠯ ᠤᠨ ᠬᠦᠮᠦᠰ ᠢ ᠬᠠᠮᠤᠷᠪᠠ᠃ ᠡᠨᠡ 7 ᠲᠥᠷᠥᠯ ᠤᠨ ᠬᠦᠮᠦᠰ ᠪᠣᠯ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ᠂ ᠤᠯᠤᠰ ᠤᠨ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠨᠥᠬᠦᠪᠦᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠯ ᠬᠦᠷᠲᠡᠵᠦ ᠪᠠᠶᠢᠭ᠎ᠠ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠵᠡᠷᠭᠡ ᠨᠡᠶᠢᠲᠡ ᠪᠠᠷᠤᠭ 5800 ᠲᠦᠮᠡᠨ ᠬᠥᠮᠥᠨ ᠪᠠᠶᠢᠨ᠎ᠠ᠃ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠳᠡᠭᠡᠷ᠎ᠡ ᠳᠤᠷᠠᠳᠤᠭᠰᠠᠨ 7 ᠲᠥᠷᠥᠯ ᠤᠨ ᠬᠦᠮᠦᠰ ᠤᠨ ᠰᠠᠭᠤᠷᠢᠨ ᠳᠡᠭᠡᠷ᠎ᠡ᠂ ᠠᠵᠢᠯ ᠠᠯᠳᠠᠭᠰᠠᠳ ᠤᠨ ᠨᠥᠬᠦᠪᠦᠷᠢ ᠮᠥᠩᠭᠦ ᠠᠪᠴᠤ ᠪᠠᠶᠢᠭ᠎ᠠ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠥᠮᠥᠨ ᠠᠮᠠ ᠵᠡᠷᠭᠡ 2 ᠲᠥᠷᠥᠯ ᠤᠨ ᠬᠦᠮᠦᠰ ᠢ ᠱᠠᠲᠤᠴᠢ ᠴᠢᠨᠠᠷᠲᠠᠢ ᠪᠠᠷ ᠰᠢᠨ᠎ᠡ ᠪᠠᠷ ᠨᠡᠮᠡᠭᠳᠡᠬᠦ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠵᠢᠱᠢᠯᠲᠡ ᠪᠠᠷ 900 ᠲᠦᠮᠡ ᠰᠢᠬᠠᠮ ᠬᠥᠮᠥᠨ ᠳᠤ ᠠᠰᠢᠭ ᠬᠦᠷᠲᠡᠭᠡᠵᠦ᠂ ᠨᠡᠶᠢᠲᠡ 6700 ᠲᠦᠮᠡᠨ ᠬᠦᠴᠢᠷᠳᠡᠯᠲᠡᠢ ᠣᠯᠠᠨ ᠲᠦᠮᠡᠨ ᠢ ᠬᠠᠮᠤᠷᠬᠤ ᠪᠣᠯᠣᠨ᠎ᠠ᠃      ᠬᠤᠶᠠᠷ ᠲᠤ᠂ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠥᠬᠦᠴᠡᠯ ᠤᠨ ᠳᠣᠲᠣᠷᠠᠬᠢ CPI ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ ᠶᠢ 3.5% ᠪᠠᠶᠢᠭᠰᠠᠨ ᠠᠴᠠ ᠨᠢ 3.0% ᠪᠣᠯᠭᠠᠨ ᠱᠠᠲᠤᠴᠢ ᠴᠢᠨᠠᠷᠲᠠᠢ ᠪᠠᠭᠤᠷᠠᠭᠤᠯᠬᠤ ᠶᠢᠨ ᠬᠠᠮᠲᠤ CPI ᠶᠢᠨ ᠳᠣᠲᠣᠷᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ 6% ᠬᠦᠷᠬᠦ ᠦᠶ᠎ᠡ ᠳᠤ ᠦᠨ᠎ᠡ ᠬᠠᠩᠰᠢ ᠶᠢᠨ ᠨᠥᠬᠦᠪᠦᠷᠢ ᠣᠯᠭᠤᠬᠤ ᠵᠡᠷᠭᠡ ᠪᠤᠰᠤᠳ ᠡᠬᠢᠯᠡᠭᠦᠯᠬᠦ ᠨᠥᠬᠦᠴᠡᠯ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠶᠠᠮᠠᠷᠪᠠ ᠨᠢᠭᠡ ᠨᠥᠬᠦᠴᠡᠯ ᠢ ᠬᠠᠩᠭᠠᠪᠠᠯ ᠳᠠᠷᠤᠢ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠃ ᠡᠬᠢᠯᠡᠭᠦᠯᠬᠦ ᠨᠥᠬᠦᠴᠡᠯ ᠢ ᠨᠢᠭᠡᠨᠲᠡ ᠵᠣᠬᠢᠰᠲᠠᠢ ᠪᠠᠭᠤᠷᠠᠭᠤᠯᠤᠭᠰᠠᠨ ᠭᠠᠵᠠᠷ ᠣᠷᠣᠨ ᠨᠢ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠤᠯᠠᠮ ᠨᠢᠭᠡ ᠠᠯᠬᠤᠮ ᠪᠠᠭᠤᠷᠠᠭᠤᠯᠵᠤ ᠪᠣᠯᠣᠨ᠎ᠠ᠃     Q3      Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ ᠲᠣᠬᠢᠷᠠᠭᠤᠯᠤᠯᠲᠠ ᠬᠢᠵᠦ᠂ ᠬᠦᠴᠢᠷᠳᠡᠯᠲᠡᠢ ᠣᠯᠠᠨ ᠲᠦᠮᠡᠨ ᠳᠤ ᠥᠭᠬᠦ ᠪᠠᠷᠠᠭᠠᠨ ᠤ ᠦᠨ᠎ᠡ ᠶᠢᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠬᠤ ᠳᠤ ᠬᠡᠳᠦᠢ ᠨᠥᠬᠦᠪᠦᠷᠢ ᠮᠥᠩᠭᠦ ᠨᠡᠮᠡᠬᠦ ᠴᠢᠬᠤᠯᠠᠲᠠᠢ ᠪᠣᠶ︖ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠬᠡᠷᠬᠢᠨ ᠪᠠᠲᠤᠯᠠᠬᠤ ᠪᠤᠢ︖      A᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ ᠦᠨᠳᠦᠰᠦᠯᠡᠨ ᠡᠬᠢᠯᠡᠭᠦᠯᠦᠭᠰᠡᠨ ᠶᠤᠮ᠂ ᠨᠥᠬᠦᠪᠦᠷᠢ ᠶᠢᠨ ᠪᠠᠷᠢᠮᠵᠢᠶ᠎ᠠ ᠶᠢ ᠴᠤ ᠲᠤᠬᠠᠢ ᠶᠢᠨ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠤᠭᠰᠠᠨ ᠶᠤᠮ᠃ ᠨᠥᠬᠦᠪᠦᠷᠢ ᠶᠢᠨ ᠪᠡᠯᠡ ᠮᠥᠩᠭᠦ ᠶᠢᠨ ᠵᠣᠭᠤᠰ ᠤᠨ ᠲᠤᠭ᠎ᠠ ᠶᠢ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠵᠤ ᠪᠣᠳᠣᠬᠤ ᠴᠢᠬᠤᠯᠠ ᠲᠠᠢ᠃      ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠪᠠᠷᠠᠭᠠᠨ ᠤ ᠦᠨ᠎ᠡ ᠶᠢᠨ ᠥᠰᠥᠯᠲᠡ ᠶᠢ ᠦᠨᠳᠦᠰᠦᠯᠡᠵᠦ᠂ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤ ᠦᠶ᠎ᠡ ᠶᠢᠨ ᠴᠢᠨᠠᠷᠲᠠᠢ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠣᠯᠭᠤᠬᠤ ᠴᠢᠬᠤᠯᠠᠲᠠᠢ ᠨᠥᠬᠦᠪᠦᠷᠢ ᠶᠢᠨ ᠪᠡᠯᠡ ᠮᠥᠩᠭᠦ ᠵᠢᠴᠢ ᠨᠡᠮᠡᠭᠳᠡᠭᠰᠡᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠠᠩᠬ᠎ᠠ ᠠᠯᠬᠤᠮ ᠵᠢᠱᠢᠨ ᠪᠣᠳᠣᠪᠠ᠃ ᠵᠢᠱᠢᠯᠲᠡ ᠪᠠᠷ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠡᠯ᠎ᠡ ᠭᠠᠵᠠᠷ ᠤᠨ ᠬᠢᠨ ᠬᠦᠴᠢᠷᠳᠡᠯᠲᠡᠢ ᠣᠯᠠᠨ ᠲᠦᠮᠡᠨ ᠳᠤ ᠪᠠᠷᠤᠭ 200 ᠳ᠋ᠦᠩᠰᠢᠭᠤᠷ ᠲᠥᠭᠦᠷᠢᠭ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠥᠭᠬᠦ ᠪᠣᠯᠣᠨ᠎ᠠ᠂ ᠡᠭᠦᠨ ᠳᠤ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ᠂ ᠡᠬᠢᠯᠡᠭᠦᠯᠬᠦ ᠨᠥᠬᠦᠴᠡᠯ ᠢ ᠪᠠᠭᠤᠷᠠᠭᠤᠯᠤᠭᠰᠠᠨ ᠠᠴᠠ ᠪᠣᠯᠵᠤ ᠣᠯᠭᠤᠬᠤ ᠨᠥᠬᠦᠪᠦᠷᠢ ᠶᠢ ᠪᠠᠷᠤᠭ 70 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃      ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠪᠠᠲᠤᠯᠠᠬᠤ ᠠᠷᠭ᠎ᠠ ᠵᠠᠮ ᠤᠨ ᠲᠠᠯ᠎ᠠ ᠪᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠪᠠ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠠᠪᠴᠤ ᠪᠠᠶᠢᠭ᠎ᠠ ᠬᠥᠮᠥᠰ ᠤᠨ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠲᠣᠷ᠎ᠠ ᠠᠴᠠ ᠭᠠᠷᠭᠠᠬᠤ ᠶᠢ ᠭᠠᠷᠭᠠᠪᠠᠯ᠂ ᠪᠤᠰᠤᠳ ᠬᠦᠴᠢᠷᠳᠡᠯᠲᠡᠢ ᠤᠯᠠᠨ ᠲᠦᠮᠡᠨ ᠳᠤ ᠨᠡᠮᠡᠵᠦ ᠥᠭᠬᠦ ᠨᠥᠬᠦᠪᠦᠷᠢ ᠶᠢᠨ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠭᠠᠵᠠᠷ ᠣᠷᠣᠨ ᠬᠤᠪᠢᠶᠠᠨ ᠨᠥᠬᠦᠪᠦᠷᠢᠯᠡᠨ᠎ᠡ᠂ ᠡᠭᠦᠨ ᠳᠤ ᠵᠡᠭᠦᠨ ᠪᠡᠶ᠎ᠡ ᠶᠢᠨ ᠭᠠᠵᠠᠷ ᠣᠷᠣᠨ ᠳᠤ 30% ᠶᠢᠨ ᠨᠥᠬᠦᠪᠦᠷᠢ ᠥᠭᠴᠦ᠂ ᠳᠤᠮᠳᠠ ᠪᠡᠶ᠎ᠡ ᠶᠢᠨ ᠭᠠᠵᠠᠷ ᠣᠷᠣᠨ ᠳᠤ 60% ᠶᠢᠨ ᠨᠥᠬᠦᠪᠦᠷᠢ ᠥᠭᠴᠦ᠂ ᠪᠠᠷᠠᠭᠤᠨ ᠪᠡᠶ᠎ᠡ ᠶᠢᠨ ᠭᠠᠵᠠᠷ ᠣᠷᠣᠨ ᠳᠤ 80% ᠶᠢᠨ ᠨᠥᠬᠦᠪᠦᠷᠢ ᠥᠭᠭᠦᠨ᠎ᠡ᠃ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠣᠷᠣᠨ ᠨᠤᠲᠤᠭ ᠤᠷᠢᠳ ᠢᠶᠠᠷ ᠣᠯᠭᠤᠵᠤ᠂ ᠲᠥᠪ ᠤᠨ ᠡᠳ᠋ ᠤᠨ ᠵᠠᠰᠠᠭ ᠠᠴᠠ ᠲᠡᠷᠠᠭ᠎ᠠ ᠪᠠᠷ ᠳ᠋ᠦᠩᠨᠡᠨ ᠪᠤᠳᠦᠨ᠎ᠡ᠃     Q4      Q᠄ ᠪᠠᠷᠢᠮᠵᠢᠶ᠎ᠠ ᠳᠤ ᠨᠡᠶᠢᠴᠡᠬᠦ ᠬᠥᠮᠥᠨ ᠠᠮᠠ ᠶᠢ ᠴᠠᠭ ᠲᠤᠬᠠᠢ ᠲᠤ ᠨᠢ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠶᠢ ᠶᠠᠮᠠᠷ ᠶᠠᠮᠠᠷ ᠠᠷᠭ᠎ᠠ ᠪᠠᠷ ᠪᠠᠲᠤᠯᠠᠬᠤ ᠪᠤᠢ︖      A᠄ ᠨᠢᠭᠡ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ ᠠᠷᠠᠳ ᠤᠨ ᠶᠠᠪᠤᠳᠠᠯ ᠤᠨ ᠶᠠᠮᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠬᠦ ᠲᠠᠯ᠎ᠠ ᠪᠠᠷ ᠳᠦᠷᠢᠮ ᠤᠨ ᠲᠠᠯ᠎ᠠ ᠶᠢᠨ ᠰᠢᠨᠡᠴᠢᠯᠡᠯᠲᠡ ᠬᠢᠪᠡ᠃ ᠵᠢᠱᠢᠶᠡᠯᠡᠪᠡᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠳᠤ ᠪᠠᠨ ᠳᠠᠷᠤᠢ ᠡᠷᠦᠬᠡ ᠪᠠᠷ ᠪᠠᠲᠤᠯᠠᠬᠤ ᠪᠠ ᠬᠥᠮᠥᠨ ᠢᠶᠠᠷ ᠪᠠᠲᠤᠯᠠᠬᠤ ᠶᠢ ᠤᠶᠠᠯᠳᠤᠭᠤᠯᠤᠭᠰᠠᠨ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠨᠠᠩ ᠪᠠᠭᠲᠠᠭᠠᠮᠵᠢ ᠲᠠᠢ ᠪᠣᠯᠭᠠᠪᠠ︔ ᠡᠯ᠎ᠡ ᠭᠠᠵᠠᠷ ᠤᠨ ᠬᠢᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢᠨ ᠬᠢᠵᠠᠭᠠᠷ ᠢ ᠥᠩᠭᠡᠷᠡᠭᠰᠡᠨ ᠤ ᠰᠢᠶᠠᠨ ᠠᠴᠠ ᠵᠡᠭᠡᠯᠢ ᠭᠤᠳᠤᠮᠵᠢ ᠪᠠ ᠰᠢᠶᠠᠩ ᠪᠠᠯᠭᠠᠰᠤᠨ ᠳᠤ ᠪᠠᠭᠤᠯᠭᠠᠬᠤ ᠶᠢ ᠵᠣᠷᠢᠭᠵᠢᠭᠤᠯᠵᠤ᠂ ᠡᠭᠦᠨ ᠤ ᠤᠯᠠᠮ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠭᠡᠷ ᠪᠦᠯᠢ ᠶᠢᠨ ᠣᠷᠣᠯᠭ᠎ᠠ ᠶᠢ ᠲᠣᠭᠠᠴᠠᠯᠠᠬᠤ ᠳᠤ ᠪᠠᠨ᠂ ᠲᠣᠭᠲᠠᠭᠠᠯ ᠶᠣᠰᠣᠭᠠᠷ ᠵᠠᠷᠢᠮ ᠵᠠᠶᠢᠯᠠᠰᠢ ᠦᠭᠡᠢ ᠵᠠᠷᠤᠯᠭ᠎ᠠ ᠪᠠ ᠴᠢᠬᠤᠯᠠ ᠪᠦᠬᠦᠢ ᠠᠵᠢᠯ ᠣᠯᠭᠤᠯᠲᠠ ᠶᠢᠨ ᠥᠪᠡᠷ ᠤᠨ ᠦᠷᠲᠡᠭ ᠢ ᠵᠣᠬᠢᠰᠲᠠᠢ ᠬᠠᠰᠤᠵᠤ᠂ ᠠᠵᠢᠯ ᠣᠯᠣᠭᠰᠠᠨ ᠤ ᠳᠠᠷᠠᠭᠠᠬᠢ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠡᠳᠡᠭᠡᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ ᠴᠦ ᠲᠡᠷᠡ ᠳᠠᠷᠤᠢ ᠳᠤ ᠨᠢ ᠪᠤᠴᠠᠭᠠᠵᠤ ᠭᠠᠷᠭᠠᠬᠤ ᠦᠭᠡᠢ᠂ ᠲᠡᠭᠦᠨ ᠳᠤ ᠬᠠᠭᠠᠰ ᠵᠢᠯ ᠠᠴᠠ ᠨᠢᠭᠡ ᠵᠢᠯ ᠤᠨ ᠠᠭᠠᠵᠢᠮ ᠢᠶᠠᠷ ᠪᠤᠴᠠᠵᠤ ᠭᠠᠷᠬᠤ ᠬᠤᠭᠤᠴᠠᠭ᠎ᠠ ᠥᠭᠴᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠡᠩ ᠤᠯᠠᠨ ᠬᠦᠴᠢᠷᠳᠡᠯ ᠲᠠᠢ ᠤᠯᠠᠨ ᠲᠦᠮᠡᠨ ᠢ ᠬᠠᠮᠤᠷᠤᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠴᠢᠷᠮᠠᠶᠢᠨ ᠪᠡᠶᠡᠯᠡᠭᠦᠯᠦᠨ᠎ᠡ᠃     ᠬᠤᠶᠠᠷ ᠲᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠢ ᠴᠢᠩᠭᠠᠳᠬᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ︽ᠭᠠᠭᠴᠠ ᠬᠥᠮᠥᠨ ᠤ ᠪᠠᠲᠤᠯᠠᠭ᠎ᠠ︾ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠲᠣᠭᠲᠠᠭᠠᠬᠤ ᠴᠢᠬᠤᠯᠠ ᠲᠠᠢ᠃ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠭᠡᠳᠡᠭ ᠨᠢ ᠡᠩ ᠤᠨ ᠪᠠᠶᠢᠳᠠᠯ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠪᠣᠯᠪᠠᠴᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ ᠪᠠᠶᠢᠵᠤ᠂ ᠵᠠᠷᠢᠮ ᠭᠠᠵᠠᠷ ᠣᠷᠣᠨ ᠳᠤ 2 ᠳᠠᠬᠢᠨ ᠠᠴᠠ ᠳᠣᠣᠷ᠎ᠠ ᠪᠠᠶᠢᠬᠤ ᠶᠢᠨ ᠬᠠᠮᠲᠤ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠣᠶ᠃ ᠣᠳᠣᠬᠠᠨ ᠳᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ 570 ᠭᠠᠷᠤᠢ ᠲᠦᠮᠡᠨ ᠬᠥᠮᠥᠨ ᠠᠮᠠ ᠶᠢ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠨ᠎ᠠ᠂ ᠡᠨᠡ ᠬᠦ ᠠᠵᠢᠯ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃          Q5      Q᠄ ᠬᠦᠴᠢᠷᠳᠡᠯᠲᠡᠢ ᠣᠯᠠᠨ ᠲᠦᠮᠡᠨ ᠦᠷᠭᠦᠯᠵᠢᠯᠡᠨ ᠨᠡᠮᠡᠭᠳᠡᠵᠦ ᠮᠡᠳᠡᠬᠦ ᠪᠠᠶᠢᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠬᠡᠷᠬᠢᠨ ᠴᠢᠩᠭᠠᠳᠬᠠᠬᠤ ᠪᠣᠶ︖     A᠄ ᠬᠥᠳᠡᠯᠦᠩᠭᠦᠢ ᠪᠠᠷ ᠬᠢᠨᠠᠨ ᠬᠡᠮᠵᠢᠬᠦ ᠪᠠ ᠶᠡᠷᠦᠩᠬᠡᠶᠢᠯᠡᠨ ᠬᠠᠪᠰᠤᠷᠤᠨ ᠲᠡᠳᠬᠦᠬᠦ ᠡᠨᠡ ᠬᠤᠶᠠᠷ ᠲᠠᠯ᠎ᠠ ᠪᠠᠷ ᠭᠤᠣᠯᠳᠠᠯᠭ᠎ᠠ ᠪᠣᠯᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠥᠳᠡᠯᠦᠩᠭᠦᠢ ᠪᠠᠷ ᠬᠢᠨᠠᠨ ᠬᠡᠮᠵᠢᠬᠦ ᠭᠡᠳᠡᠭ ᠨᠢ ᠳᠠᠷᠤᠢ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠯᠭ᠎ᠠ ᠪᠠᠭᠠᠲᠠᠢ ᠨᠡᠩ ᠤᠯᠠᠨ ᠬᠦᠴᠢᠷᠳᠡᠯᠲᠡᠢ ᠤᠯᠠᠨ ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠶᠠᠪᠤᠳᠠᠯ ᠪᠣᠯᠣᠨ᠎ᠠ᠃ ᠣᠳᠣᠬᠠᠨ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠠᠶᠢᠭᠤᠯᠤᠭᠰᠠᠨ ᠪᠥᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠨᠢᠭᠡᠨᠲᠡ 6200 ᠲᠦᠮᠡᠨ ᠣᠷᠣᠯᠭ᠎ᠠ ᠪᠠᠭᠠᠲᠠᠢ ᠬᠦᠮᠦᠰ ᠤᠨ ᠮᠡᠳᠡᠭᠡ ᠵᠠᠩᠭᠢ ᠶᠢ ᠲᠡᠮᠳᠡᠭᠯᠡᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ᠂ ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯᠲᠡᠢ ᠣᠯᠠᠨ ᠲᠦᠮᠡᠨ᠂ ᠠᠮᠠᠷᠬᠠᠨ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠥᠮᠥᠨ ᠠᠮᠠ ᠶᠢ ᠪᠠᠭᠲᠠᠭᠠᠭᠰᠠᠨ ᠪᠥᠭᠡᠳ ᠪᠠᠰᠠ ᠨᠠᠩ ᠣᠯᠠᠨ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠪᠠᠷ ᠪᠠᠶᠢᠨ᠎ᠠ᠃ ᠡᠭᠦᠨ ᠤ ᠵᠡᠷᠭᠡ ᠳᠤ ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ ᠥᠷᠭᠡᠳᠬᠡᠨ᠎ᠡ᠂ ᠵᠢᠱᠢᠶᠡᠯᠡᠪᠡᠯ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ ᠶᠡᠷᠦᠩᠬᠡᠢ ᠡᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠲᠠᠢ ᠠᠳᠠᠯᠢᠳᠬᠠᠬᠤ ᠶᠢ ᠴᠢᠩᠭᠠᠳᠬᠠᠵᠤ᠂ ᠬᠦᠨᠳᠦ ᠡᠪᠡᠳᠴᠢᠨ᠂ ᠵᠡᠮᠳᠡᠭ᠂ ᠠᠵᠢᠯ ᠣᠯᠬᠤ᠂ ᠰᠤᠷᠭᠠᠭᠤᠯᠢ ᠳᠤ ᠣᠷᠣᠬᠤ ᠵᠡᠷᠭᠡ ᠪᠠᠶᠢᠳᠠᠯ ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠭᠠᠷᠭᠠᠵᠤ᠂ ᠵᠣᠬᠢᠴᠠᠩᠭᠤᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃       ᠶᠡᠷᠦᠩᠬᠡᠶᠢᠯᠡᠨ ᠬᠠᠪᠰᠤᠷᠤᠨ ᠲᠡᠳᠬᠦᠬᠦ ᠭᠡᠳᠡᠭ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠳᠠᠯᠢ ᠪᠤᠰᠤ ᠬᠦᠴᠢᠷᠳᠡᠯ ᠲᠠᠢ ᠣᠯᠠᠨ ᠲᠦᠮᠡᠨ ᠳᠤ ᠴᠢᠭᠯᠡᠭᠦᠯᠦᠭᠰᠡᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠪᠠᠶᠢᠭᠤᠯᠵᠤ᠂ ᠴᠠᠭ ᠲᠤᠬᠠᠢ ᠳᠤ ᠨᠢ ᠬᠠᠨᠳᠤᠯᠭ᠎ᠠ ᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠳᠡᠳᠬᠦᠨ᠎ᠡ᠃ ᠵᠢᠱᠢᠶᠡᠯᠡᠪᠡᠯ ᠠᠮᠢᠳᠤᠷᠠᠯ ᠨᠢ ᠬᠦᠴᠢᠷᠳᠡᠯ ᠲᠠᠢ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ᠂ ᠡᠪᠡᠳᠴᠢᠯᠡᠪᠡᠯ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠬᠤ᠂ ᠰᠤᠷᠭᠠᠭᠤᠯᠢ ᠳᠤ ᠣᠷᠣᠬᠤ ᠳᠤ ᠬᠦᠴᠢᠷᠳᠡᠯ ᠲᠠᠢ ᠪᠣᠯ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠵᠤ᠂ ᠣᠷᠣᠨ ᠰᠠᠭᠤᠴᠠ ᠨᠢ ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠣᠯᠭᠤᠵᠤ᠂ ᠳᠡᠰ ᠲᠥᠷᠥᠯ ᠬᠤᠪᠢᠶᠠᠨ ᠶᠡᠷᠦᠩᠬᠡᠶᠢᠯᠡᠨ ᠠᠪᠤᠷᠠᠨ ᠲᠤᠰᠠᠯᠠᠬᠤ ᠪᠠᠶᠢᠳᠠᠯ ᠢ ᠪᠤᠢ ᠪᠣᠯᠭᠠᠵᠤ᠂ ᠡᠭᠦᠨ ᠤ ᠤᠯᠠᠮ ᠢᠶᠠᠷ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠪᠠᠷ ᠳᠠᠮᠵᠢᠭᠤᠯᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠦᠴᠢᠷᠳᠡᠯ ᠲᠠᠢ ᠤᠯᠠᠨ ᠲᠦᠮᠡᠨ ᠳᠤ ᠨᠡᠩ ᠬᠦᠴᠦᠨ ᠲᠠᠢ᠂ ᠨᠡᠩ ᠦᠷᠭᠦᠯᠵᠢᠯᠡᠬᠦ᠋ᠢᠴᠡ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠬᠠᠩᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ