ᠤᠷᠠᠳ ᠤᠨ  ᠡᠮᠦᠨᠡᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠳᠤ ᠬᠠᠭᠤᠷᠮᠠᠭ ᠵᠣᠭᠤᠰ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2022/8/31
      ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠳᠡᠩᠨᠡᠨ ᠪᠠᠶᠢᠴᠠᠭᠠᠬᠤ ᠶᠡᠭᠡ ᠠᠩᠭᠢ ᠬᠠᠭᠤᠷᠮᠠᠭ ᠵᠣᠭᠤᠰ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ   ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠬᠦᠷᠴᠦ ᠬᠠᠭᠤᠷᠮᠠᠭ ᠵᠣᠭᠤᠰ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠦᠨ᠂ ᠨᠡᠶᠢᠭᠡᠮ ᠤᠨ ᠣᠯᠠᠨ ᠨᠡᠶᠢᠲᠡ ᠶᠢᠨ ᠬᠠᠭᠤᠷᠮᠠᠭ ᠵᠣᠭᠤᠰ ᠤᠨ ᠬᠤᠤᠷ ᠬᠥᠨᠥᠭᠡᠯᠲᠦ ᠴᠢᠨᠠᠷ ᠵᠢᠴᠢ ᠬᠠᠭᠤᠷᠮᠠᠭ ᠵᠣᠭᠤᠰ ᠢ ᠡᠰᠡᠷᠭᠦᠴᠡᠬᠦ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠠᠷᠠᠳ ᠤᠨ ᠵᠣᠭᠤᠰ ᠤᠨ ᠬᠦᠢᠯᠭᠡᠭᠡᠨ ᠤ ᠣᠷᠴᠢᠨ ᠨᠥᠬᠦᠴᠡᠯ ᠢ ᠴᠡᠪᠡᠷᠰᠢᠭᠦᠯᠪᠡ᠃     ᠳᠡᠩᠨᠡᠨ ᠪᠠᠶᠢᠴᠠᠭᠠᠬᠤ ᠶᠡᠭᠡ ᠠᠩᠬᠢ ᠶᠢᠨ ᠴᠠᠭᠳᠠᠭ᠎ᠠ  ᠨᠠᠷ ᠡᠷᠳᠡᠨᠢᠪᠣᠯᠠᠭ ᠰᠣᠮᠣᠨ ᠤ ᠣᠷᠪᠣᠭ ᠭᠠᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠡᠷᠦᠬᠡ᠂ ᠬᠤᠳᠠᠯᠳᠤᠭᠠᠨ ᠤ ᠳᠡᠯᠭᠡᠭᠦᠷ ᠪᠠ ᠣᠯᠠᠨ ᠨᠠᠶᠢᠲᠠ ᠶᠢᠨ ᠲᠥᠪᠯᠡᠷᠡᠭᠰᠡᠨ ᠭᠠᠵᠠᠷ ᠢᠶᠠᠷ ᠬᠦᠷᠴᠦ᠂ ᠦᠨᠡᠨ ᠬᠠᠭᠤᠷᠮᠠᠭ ᠠᠷᠠᠳ ᠤᠨ ᠵᠣᠭᠤᠰ ᠢ ᠬᠠᠷᠢᠴᠠᠭᠤᠯᠬᠤ ᠠᠷᠭ᠎ᠠ᠂ ᠣᠬᠠᠭᠤᠯᠭ᠎ᠠ ᠶᠢᠨ ᠳᠡᠪᠲᠡᠷ  ᠲᠠᠷᠬᠠᠭᠠᠬᠤ᠂ ᠬᠡᠷᠡᠭ ᠤᠨ ᠵᠠᠳᠠᠯᠤᠯᠲᠠ ᠳᠤ ᠬᠠᠷᠢᠭᠤᠯᠲᠠ ᠥᠭᠬᠦ ᠵᠡᠷᠭᠡ ᠠᠷᠭ᠎ᠠ ᠪᠠᠷ ᠲᠡᠳᠡᠭᠡᠷ ᠲᠤ ᠠᠷᠠᠳ ᠤᠨ ᠵᠣᠭᠤᠰ ᠤᠨ ᠬᠠᠭᠤᠷᠮᠠᠭ ᠢ ᠲᠠᠨᠢᠯᠴᠠᠭᠤᠯᠵᠤ᠂ ᠬᠠᠭᠤᠷᠮᠠᠭ ᠵᠣᠭᠤᠰ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠮᠡᠳᠡᠯᠭᠡ ᠶᠢ ᠣᠯᠠᠮᠵᠢᠯᠠᠨ᠂ ᠬᠡᠷᠡᠭᠯᠡᠭᠴᠢᠳ ᠤᠨ  ᠡᠳ᠋ ᠬᠥᠷᠥᠩᠭᠡ ᠶᠢ ᠬᠠᠮᠠᠭᠠᠯᠠᠬᠤ ᠤᠬᠠᠮᠰᠠᠷ ᠢ ᠨᠢ ᠨᠡᠮᠡᠭᠳᠡᠭᠦᠯᠪᠡ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠡᠷᠦᠭᠡ ᠪᠠᠷ ᠬᠦᠨᠵᠡᠭᠡᠶᠢᠷᠡᠬᠦ᠂ ᠬᠥᠨᠳᠡᠯᠡᠨ ᠪᠢᠴᠢᠭᠡᠰᠦ ᠡᠯᠭᠦᠬᠦ ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷ ᠪᠠᠷ ᠣᠯᠠᠨ ᠲᠦᠮᠡᠨ ᠤ ᠯᠠᠪᠯᠠᠭ᠎ᠠ ᠶᠢ 10 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠬᠠᠭᠤᠷᠮᠠᠭ ᠵᠣᠭᠤᠰ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠬᠦ ᠪᠠᠷ ᠲᠠᠮᠵᠢᠨ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠪᠡᠯᠡᠨ ᠵᠣᠭᠤᠰ ᠤᠨ ᠬᠦᠢᠯᠭᠡᠭᠡᠨ ᠤ ᠣᠷᠴᠢᠨ ᠨᠥᠬᠦᠴᠡᠯ ᠢ ᠪᠠᠶᠢᠭᠤᠯᠬᠤ ᠳᠤ  ᠰᠠᠭᠤᠷᠢ ᠶᠢᠨ ᠦᠢᠯᠡᠳᠦᠯ ᠦᠵᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ