︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠠᠯᠠᠪᠠᠶ ᠶᠢᠨ ᠲᠠᠮᠢᠷ ᠪᠦᠵᠢᠭ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2022/8/31
      8 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠨᠡᠶᠢᠭᠡᠮ ᠤᠨ ᠪᠡᠶ᠎ᠡ ᠲᠠᠮᠢᠷ ᠤᠨ ᠦᠢᠯᠡᠴᠢᠯᠡᠬᠡᠨ ᠤ ᠲᠥᠪ ᠠᠴᠠ ᠭᠤᠤᠯᠯᠠᠨ ᠡᠷᠭᠢᠯᠡᠵᠦ᠂ ᠪᠠᠶᠠᠨᠨᠠᠭᠤᠷ ᠬᠤᠲᠠ ᠶᠢᠨ ᠪᠡᠶ᠎ᠡ ᠲᠠᠮᠢᠷ ᠤᠨ ᠲᠣᠪᠴᠢᠶ᠎ᠠ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠵᠢᠨ ᠡᠷᠭᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠠᠯᠠᠪᠠᠶ ᠶᠢᠨ ᠲᠠᠮᠢᠷ ᠪᠥᠵᠢᠭ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃      ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ 14 ᠲᠥᠯᠥᠭᠡᠯᠡᠭᠴᠢᠳ ᠤᠨ ᠠᠩᠭᠢ ᠶᠢᠨ 200 ᠭᠠᠷᠤᠶ ᠲᠠᠯᠠᠪᠠᠶ ᠶᠢᠨ ᠲᠠᠮᠢᠷ ᠪᠥᠵᠢᠭ ᠲᠤ ᠪᠠᠭ᠋ᠠᠲᠠᠶ ᠬᠥᠮᠦᠰ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠠᠬᠤᠶ ᠶᠢᠨ ᠲᠠᠯᠠᠪᠠᠶ ᠵᠢᠴᠢ ᠰᠦᠯᠵᠢᠶᠡᠨ ᠳᠡᠭᠡᠷᠡᠬᠢ ᠦᠵᠡᠭᠴᠢᠳ ᠲᠤ ᠨᠢᠭᠡ ᠤᠳᠠᠭᠠᠨ ᠤ  ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠵᠡᠶ᠃     ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠴᠦᠰ ᠲᠡᠭᠡᠨ ᠤᠷᠠᠳ ᠤᠨ ᠬᠤᠶᠢᠲᠤ ᠬᠤᠰᠢᠭᠤᠨ ᠤ ᠬᠤᠶᠠᠳᠤᠭᠠᠷ ᠠᠩᠭᠢ ᠣᠨᠴᠠ ᠲᠡᠰ ᠤᠨ ᠱᠠᠩᠨᠠᠯ ᠪᠠ ᠬᠠᠮᠤᠭ ᠰᠠᠶᠢᠨ ᠵᠣᠬᠢᠶᠠᠨ ᠪᠦᠲᠦᠭᠡᠯᠭᠡ ᠶᠢᠨ ᠱᠠᠩᠨᠠᠯ ᠬᠦᠷᠲᠡᠵᠦ᠂  ᠤᠷᠠᠳ ᠤᠨ ᠡᠮᠦᠨᠡᠲᠦ ᠬᠤᠰᠢᠭᠤᠨ ᠤ ᠨᠢᠭᠡᠳᠦᠭᠡᠷ ᠠᠩᠭᠢ᠂ ᠤᠷᠠᠳ ᠤᠨ ᠳᠤᠮᠳᠠᠳᠤ ᠬᠤᠰᠢᠭᠤᠨ ᠤ ᠨᠢᠭᠡᠳᠦᠭᠡᠷ ᠠᠩᠭᠢ ᠨᠢᠭᠡᠳᠦᠭᠡᠷ ᠳᠡᠰ ᠤᠨ ᠱᠠᠩᠨᠠᠯ ᠬᠦᠷᠲᠡᠨ᠂ ᠳ᠋ᠧᠩᠺᠧᠦ ᠰᠢᠶᠠᠨ ᠤ ᠨᠢᠭᠡᠳᠦᠭᠡᠷ ᠠᠩᠭᠢ᠂  ᠯᠢᠨ ᠾᠧ ᠲᠣᠭᠤᠷᠢᠭ ᠤᠨ ᠨᠢᠭᠡᠳᠦᠭᠡᠷ ᠠᠩᠭᠢ᠂ ᠳ᠋ᠧᠩᠺᠧᠦ ᠰᠢᠶᠠᠨ ᠤ ᠬᠤᠶᠠᠳᠤᠭᠠᠷ ᠠᠩᠭᠢ᠂ ᠤᠷᠠᠳ ᠤᠨ ᠡᠮᠦᠨᠡᠲᠦ ᠬᠤᠰᠢᠭᠤᠨ ᠤ ᠬᠤᠶᠠᠳᠤᠭᠠᠷ ᠠᠩᠭᠢ ᠬᠤᠶᠠᠳᠤᠭᠠᠷ ᠳᠡᠰ ᠤᠨ ᠱᠠᠩᠨᠠᠯ  ᠬᠦᠷᠲᠡᠵᠦ᠂ ᠦᠶᠤᠸᠠᠨ ᠰᠢᠶᠠᠨ ᠤ ᠨᠢᠭᠡᠳᠦᠭᠡᠷ ᠠᠩᠭᠢ᠂ ᠤᠷᠠᠳ ᠤᠨ ᠬᠤᠶᠢᠲᠤ ᠬᠤᠰᠢᠭᠤᠨ ᠤ ᠨᠢᠭᠡᠳᠦᠭᠡᠷ ᠠᠩᠭᠢ᠂ ᠬᠠᠩᠭᠢᠨ ᠬᠤᠶᠢᠲᠤ ᠬᠤᠰᠢᠭᠤᠨ ᠤ ᠬᠤᠶᠠᠳᠤᠭᠠᠷ ᠠᠩᠭᠢ᠂ ᠦᠶᠤᠸᠠᠨ ᠰᠢᠶᠠᠨ ᠤ ᠬᠤᠶᠠᠳᠤᠭᠠᠷ ᠠᠩᠭᠢ᠂ ᠤᠷᠠᠳ ᠤᠨ ᠳᠤᠮᠳᠠᠳᠤ ᠬᠤᠰᠢᠭᠤᠨ ᠤ ᠬᠤᠶᠠᠳᠤᠭᠠᠷ ᠠᠩᠭᠢ᠂ ᠯᠢᠨ ᠾᠧ ᠲᠣᠭᠤᠷᠢᠭ ᠤᠨ ᠬᠤᠶᠠᠳᠤᠭᠠᠷ ᠠᠩᠭᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠪᠡ᠃     ᠲᠣᠰ ᠤᠳᠠᠭᠠᠨ ᠤ ᠤᠷᠤᠯᠳᠤᠭᠠᠨ ᠨᠢ ᠡᠷᠡᠭᠦᠯ ᠡᠩᠬᠡ ᠳᠤᠮᠳᠠᠳᠤ ᠤᠯᠤᠰ ᠪᠣᠯᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠷᠡᠭᠦᠯ ᠡᠩᠬᠡ ᠪᠣᠯᠪᠠᠰᠤᠨ᠂ ᠪᠦᠯᠬᠦᠮᠳᠡᠨ ᠲᠡᠮᠡᠴᠡᠭᠰᠡᠨ᠂ ᠴᠡᠴᠡᠭᠯᠡᠨ ᠬᠥᠭᠵᠢᠭᠰᠡᠨ ᠡᠶ᠎ᠡ ᠵᠣᠬᠢᠴᠠᠩᠭᠤᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ ᠶᠤᠮ᠃      ᠣᠶᠢᠷ᠎ᠠ ᠶᠢᠨ ᠵᠢᠯ ᠳᠤ᠂  ᠣᠷᠠᠳ ᠤᠨ ᠡᠮᠦᠨᠡᠲᠤ ᠬᠤᠰᠢᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢᠨ ᠤᠷᠤᠯᠳᠤᠭᠠᠨ ᠢ ᠢᠳᠡᠪᠬᠢᠲᠡᠶ ᠡᠭᠦᠳᠴᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠥᠭᠴᠡᠶ᠂ ᠲᠣᠰ ᠤᠳᠠᠭᠠᠨ ᠤ ᠲᠠᠯᠠᠪᠠᠶ ᠶᠢᠨ ᠲᠠᠮᠢᠷ  ᠪᠦᠵᠢᠭ  ᠤᠨ ᠤᠷᠤᠯᠳᠤᠭᠠᠨ ᠨᠢ ᠨᠠᠩ ᠴᠤ ᠥᠷᠭᠡᠨ ᠣᠯᠠᠨ ᠲᠦᠮᠡᠨ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠴᠣᠭᠴᠠ ᠪᠠ ᠬᠢᠯᠠᠰ ᠴᠡᠭ ᠪᠣᠯᠭᠠᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠬᠥᠮᠦᠨ ᠪᠦᠬᠦᠨ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠬᠢᠭᠤᠯᠤᠭᠴᠢ ᠪᠠ ᠣᠷᠣᠯᠴᠠᠭᠴᠢ ᠪᠣᠯᠭᠠᠵᠠᠶ᠃

1.jpg

2.jpg

 

3.jpg

 

4.jpg

 

5.jpg

 

6.jpg

 

7.jpg

 

8.jpg

 

9.jpg

10.jpg

 

11.jpg

 

12.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ