ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/31
     ᠣᠶᠢᠷ᠎ᠠ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠣᠷᠢᠬᠠᠨ᠂ ᠳᠡᠳ᠋ ᠬᠤᠰᠢᠭᠤᠨ ᠳᠠᠷᠤᠭ᠎ᠠ ᠪᠠᠶᠠᠨᠪᠢᠯᠢᠭ᠌ ᠪᠣᠯᠤᠨ ᠬᠤᠲᠠ᠂ ᠬᠤᠰᠢᠭᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠢᠶᠠᠷ ᠪᠦᠷᠢᠯᠳᠦᠭᠰᠡᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ  ᠰᠣᠳᠠᠯ ᠤᠨ ᠬᠤᠳᠳᠤᠭ ᠪᠠᠯᠭᠠᠰᠤᠨ ᠤ ᠶᠦᠩ ᠾᠧ ᠲᠣᠰᠬᠤᠨ᠂ ᠰᠤᠳᠠᠯ ᠤᠨ ᠬᠤᠳᠳᠤᠭ ᠲᠣᠰᠬᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠰᠢᠨ ᠠᠨ ᠪᠠᠯᠭᠠᠰᠤᠨ ᠤ ᠬᠤᠩ ᠭᠤᠸᠠᠩ ᠲᠣᠰᠬᠤᠨ᠂ ᠤᠷᠠᠳ ᠤᠨ ᠲᠠᠷᠢᠶᠠᠴᠢᠨ ᠤ ᠬᠤᠳᠠᠯᠳᠤᠭ᠎ᠠ᠂ ᠳ᠋ᠦᠩ  ᠹᠧᠩ ᠨᠢᠭᠡᠳᠦᠭᠡᠷ ᠨᠡᠶᠢᠭᠡᠮ ᠲᠣᠭᠤᠷᠢᠭ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠾᠷᠢᠰᠲ᠋ᠣᠰ ᠤᠨ ᠱᠠᠰᠢᠨ ᠤ ᠳᠤᠭᠠᠩ᠂ ᠪᠠᠶᠢᠴᠠᠭᠠᠬᠤ ᠬᠤᠷᠢᠶ᠎ᠠ ᠵᠡᠷᠭᠡ ᠭᠠᠵᠠᠷ ᠲᠤ ᠬᠦᠷᠴᠦ᠂ ︽ᠲᠦᠷᠢᠮ︾ ᠢ ᠲᠣᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠪᠠ᠃ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠰᠣᠯᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠭᠤᠤᠯ ᠠᠷᠭ᠎ᠠ ᠬᠢᠳᠡᠯ ᠪᠠ ᠣᠨᠴᠠᠯᠢᠭ ᠪᠥᠬᠦᠶ ᠬᠢᠯᠠᠰ ᠴᠡᠭ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠪᠣᠯᠪᠠᠰᠤᠷᠠᠯ ᠢ ᠪᠠᠲᠤ ᠪᠠᠬᠢ ᠪᠣᠶ ᠪᠣᠯᠭᠠᠭᠰᠠᠨ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ︽ᠨᠠᠢᠮᠠ ᠶᠢ ᠣᠷᠣᠭᠤᠯᠬᠤ︾ ᠶᠢ ᠠᠬᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃

调研1.jpg

     ᠪᠠᠶᠢᠴᠠᠭᠠᠬᠤ ᠳᠤᠭᠤᠶᠢᠯᠠᠩ ᠠᠴᠠ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠯᠤᠭᠰᠠᠨ

ᠦᠷ᠎ᠡ ᠪᠦᠲᠦᠮᠵᠢ ᠵᠢᠴᠢ ︽ᠲᠦᠷᠢᠮ︾ ᠢ  ᠲᠣᠭᠤᠰᠢᠯᠠᠭᠤᠯᠤᠨ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠢ  ᠬᠦᠢᠴᠡᠳ ᠨᠤᠲᠠᠯᠠᠭᠰᠠᠨ ᠤ ᠬᠠᠮᠲᠤ᠂ ᠬᠡᠰᠡᠭ

ᠨᠢᠭᠡᠴᠡ ᠳᠤ ᠮᠠᠲ᠋ᠧᠷᠢᠶᠠᠯ ᠪᠦᠷᠢᠨ ᠪᠤᠰᠤ᠂ ᠬᠡᠪ ᠵᠠᠭᠪᠤᠷ ᠤᠨ ᠰᠢᠨ᠎ᠡ ᠡᠭᠦᠳᠦᠯᠲᠡ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠵᠢᠭᠠᠵᠤ

ᠭᠠᠷᠭᠠᠪᠠ᠃  ᠪᠠᠶᠠᠨᠪᠢᠯᠢᠭ᠌᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠡᠵᠡᠮᠳᠡᠵᠦ᠂ ᠰᠡᠳᠬᠢᠴᠡ

ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠣᠭᠲᠠᠭᠰᠠᠨ ᠠᠵᠢᠯ ᠤᠨ ᠬᠠᠷᠠᠯᠲᠠ ᠪᠠ ᠡᠭᠦᠷᠭᠡ ᠶᠢᠨ ᠲᠣᠭᠤᠷᠢᠨ ᠳᠤ ᠤᠯᠤᠰ ᠲᠦᠷᠦ ᠶᠢᠨ ᠵᠣᠭᠰᠣᠴᠠ ᠪᠠᠨ

ᠳᠡᠭᠡᠭᠰᠢᠯᠡᠭᠦᠯᠵᠦ᠂ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ

ᠠᠵᠢᠯ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠬᠡᠪᠡ᠃

调研2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ