ᠤᠷᠠᠳ ᠤᠨ ᠡᠮᠦᠨᠡᠲᠦ ᠬᠤᠰᠢᠭᠤ 2022 ᠣᠨ ᠤ ᠠᠯᠲᠠᠨ ᠨᠠᠮᠤᠷ ᠤᠨ ᠰᠤᠷᠤᠯᠭ᠎ᠠ ᠲᠡᠳᠬᠦᠬᠦ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/31
     ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠠᠯᠠᠭᠤᠴᠤᠳ ᠪᠠᠭᠠᠴᠤᠳ︾ 2022 ᠣᠨ ᠤ ᠠᠯᠲᠠᠨ ᠨᠠᠮᠤᠷ ᠤᠨ ᠰᠤᠷᠤᠯᠭ᠎ᠠ ᠲᠡᠳᠬᠦᠬᠦ ᠬᠠᠨᠳᠢᠪᠯᠠᠬᠤ ᠶᠣᠰᠣᠯᠠᠯ  ᠶᠠᠪᠣᠭᠳᠠᠭᠤᠯᠪᠠ᠃      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ᠂ ᠤᠷᠠᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠰᠢᠭᠤᠨ ᠤ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠲᠤᠰᠠᠯᠠᠮᠵᠢ ᠭᠥᠷᠳᠡᠭᠰᠡᠨ ᠰᠤᠷᠤᠭᠴᠢᠳ ᠤᠨ ᠲᠥᠯᠥᠭᠡᠯᠡᠭᠴᠢ ᠪᠠ ᠬᠡᠷ ᠤᠨ ᠠᠬᠠᠮᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃

金秋助学1.jpg

     ᠶᠣᠰᠣᠯᠠᠯ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠡᠳᠬᠦᠮᠵᠢ ᠬᠦᠷᠲᠡᠭᠰᠡᠨ ᠰᠤᠷᠤᠭᠴᠢᠳ ᠤᠨ ᠲᠥᠯᠥᠭᠡᠯᠡᠭᠴᠢᠳ ᠲᠤ ᠰᠤᠷᠤᠯᠭ᠎ᠠ ᠶᠢᠨ

ᠲᠡᠳᠬᠦᠮᠵᠢ ᠶᠢᠨ ᠮᠥᠩᠭᠦ ᠣᠯᠭᠤᠪᠠ᠃

     ᠵᠢᠶᠠ ᠵᠧᠨ ᠬᠤᠸᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠣᠰ ᠤᠳᠠᠭᠠᠨ ᠤ ᠠᠵᠢᠯᠯᠠᠭ᠎ᠠ ᠶᠢ ᠰᠠᠨᠠᠭᠠᠴᠢᠯᠠᠭᠰᠠᠨ ᠨᠢᠭᠡᠴᠡ᠂ 

ᠳᠠᠭᠠᠭᠠᠴᠢᠯᠠᠨ ᠡᠷᠭᠢᠯᠡᠭᠰᠡᠨ ᠨᠢᠭᠡᠴᠡ ᠵᠢᠴᠢ ᠬᠠᠶᠢᠷ᠎ᠠ ᠬᠠᠯᠠᠮᠵᠢ ᠬᠦᠷᠭᠡᠭᠰᠡᠨ ᠠᠵᠤ ᠠᠬᠤᠶᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠠᠶᠢᠷ᠎ᠠ ᠬᠠᠯᠠᠮᠵᠢ

ᠬᠦᠷᠭᠡᠵᠦ ᠰᠤᠷᠤᠯᠭ᠎ᠠ ᠲᠡᠳᠬᠦᠬᠦ ᠪᠣᠯ ᠨᠢᠭᠡ  ᠵᠦᠢᠯ ᠤᠨ ᠠᠷᠠᠳ ᠤᠨ ᠠᠮᠢᠳᠤᠷᠠᠯ ᠢ ᠬᠠᠯᠠᠮᠵᠢᠯᠠᠬᠤ᠂ ᠰᠤᠷᠭᠠᠨ ᠬᠥᠮᠦᠵᠢᠯ ᠢ ᠬᠠᠯᠠᠮᠵᠢᠯᠠᠬᠤ᠂ ᠰᠤᠷᠤᠭᠴᠢᠳ ᠢ

ᠬᠠᠯᠠᠮᠵᠢᠯᠠᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠲᠤᠰᠠᠯᠠᠮᠵᠢ ᠭᠥᠷᠳᠡᠭᠰᠡᠨ ᠰᠤᠷᠤᠭᠴᠢᠳ ᠤᠨ ᠠᠵᠢᠯ ᠦᠢᠯᠡᠰ ᠢᠶᠠᠷ ᠢᠶᠠᠨ ᠠᠴᠢ ᠶᠢ

ᠬᠠᠷᠢᠭᠤᠯᠵᠤ᠂ ᠵᠣᠷᠢᠭ ᠰᠠᠨᠠᠭ᠎ᠠ ᠪᠠᠷ ᠬᠥᠮᠦᠨ ᠢ ᠬᠥᠮᠦᠵᠢᠭᠦᠯᠵᠦ᠂ ᠡᠷᠴᠢ ᠵᠣᠷᠢᠭ ᠢᠶᠠᠨ ᠬᠥᠪᠴᠢᠯᠡᠨ ᠨᠡᠶᠢᠭᠡᠮ ᠳᠤ ᠠᠴᠢ ᠬᠠᠷᠢᠭᠤᠯᠬᠤ ᠶᠢ ᠬᠦᠰᠡᠵᠦ ᠪᠠᠶᠢᠨ᠎ᠠ︔

ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤ ᠬᠤᠷᠢᠶᠠᠨ ᠤ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠨ

ᠵᠢᠳᠬᠦᠯ ᠴᠢᠷᠮᠠᠶᠢᠯᠭ᠎ᠠ ᠭᠠᠷᠭᠠᠵᠤ᠂ ᠵᠠᠯᠠᠭᠤᠴᠤᠳ ᠪᠠᠭᠠᠴᠤᠳ ᠲᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ

ᠢᠲᠡᠭᠡᠯ ᠲᠠᠢ᠂ ᠨᠠᠶᠢᠳᠠᠪᠤᠷᠢᠲᠠᠢ᠂ ᠰᠠᠯᠵᠤ ᠪᠣᠯᠤᠰᠢ ᠦᠭᠡᠢ ᠳᠣᠲᠣᠨᠣ ᠬᠥᠮᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠶᠢᠷ᠎ᠠ

ᠬᠠᠯᠠᠮᠵᠢ ᠬᠦᠷᠭᠡᠬᠦ ᠠᠵᠤ ᠠᠬᠤᠶᠢᠯᠠᠯ᠂ ᠬᠠᠶᠢᠷ᠎ᠠ ᠬᠠᠯᠠᠮᠵᠢ ᠬᠦᠷᠭᠡᠬᠦ ᠪᠦᠯᠬᠦᠮ ᠪᠣᠯᠤᠨ ᠬᠠᠶᠢᠷ᠎ᠠ ᠬᠠᠯᠠᠮᠵᠢ ᠬᠦᠷᠭᠡᠬᠦ ᠬᠥᠮᠦᠰ ᠤᠨ ᠰᠠᠶᠢᠨ ᠰᠠᠶᠢᠬᠠᠨ ᠦᠢᠯᠡ

ᠠᠵᠢᠯᠯᠠᠭ᠎ᠠ ᠶᠢ ᠪᠠᠳᠠᠷᠠᠭᠤᠯᠵᠤ᠂ ᠬᠠᠶᠢᠷ᠎ᠠ ᠬᠠᠯᠠᠮᠵᠢ ᠪᠠᠨ ᠡᠷᠭᠦᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠪᠦᠬᠦ

ᠨᠡᠶᠢᠭᠡᠮ ᠢᠶᠠᠷ ᠢᠶᠠᠨ ᠵᠠᠯᠠᠭᠤᠴᠤᠳ ᠪᠠᠭᠠᠴᠤᠳ ᠤᠨ ᠠᠵᠢᠯ ᠦᠢᠯᠡᠰ ᠤᠨ ᠬᠥᠭᠵᠢᠯᠲᠡ ᠶᠢ ᠬᠠᠮᠲᠤᠪᠠᠷ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ

ᠶᠡᠬᠡᠪᠡᠷ ᠪᠤᠢ ᠪᠣᠯᠭᠠᠬᠤ ᠶᠢ ᠬᠦᠰᠡᠵᠦ ᠪᠠᠶᠢᠨ᠎ᠠ ᠬᠡᠪᠡ᠃

ᠣᠶᠢᠯᠠᠭᠠᠭᠰᠠᠨ ᠢᠶᠠᠷ᠂ ᠲᠣᠰ ᠤᠳᠠᠭᠠᠨ ᠤ ᠠᠯᠲᠠᠨ ᠨᠠᠮᠤᠷ ᠤᠨ ᠰᠤᠷᠤᠯᠭ᠎ᠠ ᠲᠡᠳᠬᠦᠬᠦ ᠠᠵᠢᠯᠯᠠᠭ᠎ᠠ ᠳᠤ ᠤᠷᠠᠳ  ᠬᠥᠳᠡᠭᠡ ᠲᠣᠰᠬᠤᠨ ᠤ ᠬᠤᠳᠠᠯᠳᠤᠭᠠᠨ ᠤ

ᠪᠠᠩᠬᠢ ᠨᠡᠶᠢᠲᠡ 5 ᠲᠦᠮᠡᠨ ᠲᠥᠭᠦᠷᠢᠭ ᠬᠠᠨᠳᠢᠪᠯᠠᠵᠤ᠂ ᠪᠥᠬᠦ ᠬᠤᠰᠢᠭᠤᠨ ᠤ 69  ᠨᠡᠷᠡᠰ ᠮᠣᠷᠠᠯ ᠰᠤᠷᠤᠯᠭ᠎ᠠ ᠬᠤᠤᠰᠯᠠᠭᠰᠠᠨ᠂ ᠬᠡᠷ ᠪᠦᠯᠢ ᠨᠢ ᠬᠦᠴᠢᠷᠳᠡᠯᠲᠡᠶ

ᠰᠣᠷᠣᠭᠴᠢ ᠶᠢ ᠲᠡᠳᠬᠦᠨ ᠲᠤᠰᠠᠯᠠᠪᠠ᠃

金秋助学2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ