ᠸᠠᠩ ᡁᠢ ᠫᠢᠩ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠭᠠᠮᠰᠢᠭ ᠠᠴᠠ ᠠᠪᠤᠷᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 1 ᠤ ᠡᠳᠦᠷ ᠤᠨ 0 ᠴᠠᠭ ᠠᠴᠠ 8 ᠰᠠᠷ᠎ᠠ ᠶᠢᠨ 2 ᠤᠨ ᠡᠳᠦᠷ ᠤᠨ 7 ᠴᠠᠭ  ᠬᠦᠷᠲᠡᠯ᠎ᠡ᠂ ᠮᠠᠨ ᠤ ᠬᠤᠲᠠ ᠳᠤ ᠲᠡᠭᠰᠢ ᠪᠤᠰᠤ ᠬᠡᠮᠵᠢᠶᠡᠨ ᠤ ᠪᠣᠷᠣᠭᠠᠨ ᠣᠷᠣᠵᠤ᠂ ᠤᠷᠠᠳ ᠤᠨ ᠡᠮᠦᠨᠡᠲᠦ ᠬᠤᠰᠢᠭᠤᠨ ᠳᠤ ᠶᠡᠭᠡ ᠠᠴᠠ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠤᠭᠠᠳ ᠬᠠᠮᠤᠭ ᠤᠨ ᠶᠡᠭᠡ ᠪᠣᠷᠣᠭᠠᠨ ᠤᠷᠤᠭᠰᠠᠨ ᠬᠡᠮᠵᠢᠶ᠎ᠡ ᠨᠢ 134.6 ᠮᠢᠯᠢᠮᠧᠲᠷ ᠲᠤ ᠬᠦᠷᠴᠡᠶ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠸᠠᠩ ᡁᠢ ᠫᠢᠩ ᠰᠥᠨᠢ ᠪᠠᠷ ᠤᠷᠠᠳ ᠤᠨ ᠡᠮᠦᠨᠡᠲᠦ ᠬᠤᠰᠢᠭᠤᠨ ᠳᠤ ᠬᠦᠷᠴᠦ᠂ ᠭᠠᠮᠰᠢᠭ ᠤᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠠᠪᠤᠷᠠᠬᠤ᠂ ᠵᠠᠮ ᠰᠤᠪᠠᠭ ᠢ ᠰᠢᠯᠤᠭᠤᠳᠬᠠᠬᠤ ᠵᠢᠴᠢ ᠪᠣᠷᠣᠭᠠᠨ ᠤ ᠳᠠᠷᠠᠭᠠᠬᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠭᠠᠮᠰᠢᠭ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ᠂  ᠭᠠᠮᠰᠢᠭ ᠠᠴᠠ ᠠᠪᠤᠷᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ 

防汛抗旱.jpg

    

     8 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠦᠶᠡᠷ ᠢ ᠰᠡᠷᠭᠡᠶᠢᠯᠡᠵᠦ ᠭᠠᠩ

ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᡁᠢ ᠫᠢᠩ ᠤᠷᠠᠳ ᠤᠨ ᠡᠮᠦᠨᠡᠲᠦ ᠬᠤᠰᠢᠭᠤᠨ ᠳᠤ

ᠭᠠᠮᠰᠢᠭ ᠠᠴᠠ ᠠᠪᠤᠷᠬᠠᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠵᠢᠯᠣᠭᠤᠳᠴᠤ ᠪᠠᠶᠢᠭ᠎ᠠ ᠨᠢ᠃

     ᠸᠠᠩ ᡁᠢ ᠫᠢᠩ ᠤᠷᠢᠳ ᠬᠤᠵᠢᠳ ᠮᠤᠨᠠ ᠠᠭᠤᠯᠠ ᠪᠠᠯᠭᠠᠰᠤ᠂ ᠪᠠᠶᠠᠨᠬᠤᠸᠠ ᠪᠠᠯᠭᠠᠰᠤ᠂ ᠰᠢᠶᠠᠨ ᠹᠧᠩ ᠪᠠᠯᠭᠠᠰᠤ ᠵᠡᠷᠭᠡ ᠭᠠᠵᠠᠷ ᠲᠤ ᠬᠦᠷᠴᠦ᠂ ᠲᠠᠷᠢᠶᠠᠨ

ᠵᠠᠬ᠎ᠠ᠂ ᠲᠠᠷᠢᠶᠠᠴᠢᠳ ᠤᠨ ᠭᠡᠷ ᠲᠤ ᠭᠦᠨᠵᠡᠭᠡᠶᠢᠷᠡᠵᠦ᠂ ᠤᠰᠤᠨ ᠳᠤ ᠠᠪᠲᠠᠭᠳᠠᠭᠰᠠᠨ ᠵᠠᠮ ᠤᠨ ᠬᠡᠰᠡᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂

ᠭᠠᠮᠰᠢᠭᠳᠠᠭᠰᠠᠨ ᠪᠠᠶᠢᠳᠠᠯ ᠪᠣᠯᠤᠨ ᠭᠠᠮᠰᠢᠭ ᠠᠴᠠ ᠠᠪᠤᠷᠠᠬᠤ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠠᠶᠤᠯ ᠲᠦᠭᠰᠢᠭᠦᠷᠢ ᠶᠢᠨ

ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠬᠠᠭᠰᠠᠷᠠᠭᠠᠨ ᠲᠠᠢ

ᠲᠡᠮᠡᠴᠡᠬᠦ᠂ ᠶᠡᠭᠡ ᠠᠶᠤᠯ ᠠᠴᠠ ᠠᠪᠤᠷᠬᠠᠤ᠂ ᠶᠡᠭᠡ ᠭᠠᠮᠰᠢᠭ ᠠᠴᠠ ᠠᠪᠤᠷᠬᠠᠤ ᠳᠤ ᠰᠠᠭᠤᠷᠢᠯᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ

ᠮᠡᠳᠡᠭᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠥᠷᠥᠯ ᠤᠨ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠢ ᠱᠠᠯᠠᠪᠳᠠᠨ ᠲᠡᠭᠦᠯᠳᠡᠷᠵᠢᠭᠦᠯᠵᠦ᠂ ᠪᠠᠴᠢᠮ

ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ ᠂ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ

ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠲᠤᠰᠬᠠᠢ ᠵᠦᠢᠯ  ᠤᠨ ᠠᠵᠢᠯ  ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠵᠢᠯᠳᠠᠨ ᠪᠠ ᠮᠠᠰᠢᠨ ᠲᠣᠬᠢᠷᠠᠭᠤᠯᠵᠤ᠂

ᠭᠤᠣᠯ  ᠤᠨ ᠵᠠᠮ ᠢ ᠴᠡᠪᠡᠷᠯᠡᠬᠦ᠂ ᠠᠶᠤᠯ  ᠢ ᠠᠷᠢᠯᠭᠠᠨ ᠪᠠᠬᠢᠵᠢᠭᠦᠯᠬᠦ᠂ ᠡᠪᠳᠡᠭᠳᠡᠭᠰᠡᠨ ᠵᠠᠮ ᠢ ᠵᠠᠪᠳᠤᠨ ᠵᠠᠰᠠᠬᠤ ᠵᠡᠷᠭᠡ ᠠᠵᠢᠯ ᠢ ᠳᠠᠷᠤᠢ ᠲᠦᠷᠭᠡᠨ ᠥᠷᠨᠢᠭᠦᠯᠵᠦ᠂

ᠦᠶᠡᠷ ᠶᠠᠪᠤᠭᠤᠯᠬᠤ ᠲᠤ ᠠᠶᠤᠯ ᠥᠭᠡᠢ᠂ ᠵᠠᠮ  ᠤᠨ ᠰᠠᠭᠠᠳ ᠥᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠥᠮᠦᠨ ᠤ ᠬᠦᠴᠦᠨ ᠢ ᠵᠣᠬᠢᠶᠠᠨ ᠪᠠᠶᠢᠭᠤᠯᠵᠤ

᠂ ᠭᠠᠮᠰᠢᠭᠳᠠᠭᠰᠠᠨ ᠪᠠᠶᠢᠳᠠᠯ ᠢ ᠦᠳᠲᠡᠷ ᠲᠦᠷᠭᠡᠨ ᠲᠣᠳᠣᠷᠬᠠᠢ ᠣᠶᠢᠯᠠᠭᠠᠵᠤ᠂ ᠭᠠᠮᠰᠢᠭ ᠤᠨ ᠪᠠᠶᠢᠳᠠᠯ ᠤᠨ ᠲᠤᠭ᠎ᠠ ᠪᠠᠷᠢᠮᠲᠠ ᠶᠢ ᠨᠠᠷᠢᠯᠢᠭ ᠣᠨᠣᠴᠠᠲᠠᠢ

ᠪᠦᠷᠢᠳᠬᠡᠵᠦ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠭᠠᠮᠰᠢᠭᠳᠠᠭᠰᠠᠨ ᠤᠯᠠᠨ ᠲᠦᠮᠡᠨ ᠢ ᠡᠮᠬᠢ

ᠵᠢᠷᠤᠮ ᠲᠠᠢ ᠪᠠᠷ ᠵᠣᠬᠢᠶᠠᠨ ᠪᠠᠶᠢᠭᠤᠯᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠪᠠᠭ᠎ᠠ

ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ ᠭᠡᠪᠡ᠃

     ᠬᠤᠲᠠ ᠶᠢᠨ ᠤᠳᠤᠷᠢᠳᠤᠯᠭ᠎ᠠ ᠵᠣᠣ ᠸᠧᠶ ᠹᠧᠩ᠂ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ

ᠬᠠᠮᠢᠶ᠎ᠠ ᠪᠥᠬᠦᠶ ᠳᠡᠳ᠋ ᠶᠡᠷᠦᠩᠬᠡᠶ ᠵᠢᠯᠣᠭᠤᠳᠣᠭᠴᠢ ᠣᠷᠣᠯᠴᠠᠪᠠ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ