ᠶᠢᠨ ᠱᠠᠨ ᠨᠠᠷ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/4
      8 ᠰᠠᠷ᠎ᠠ ᠶᠢᠨ 2 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠱᠠᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠢᠶᠠᠩ  ᠰᠢᠦᠸᠧ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠬᠡᠷᠡᠯ  ᠬᠤᠲᠠ᠂ ᠬᠤᠰᠢᠭᠤ ᠬᠤᠶᠠᠷ ᠱᠠᠲᠤᠨ ᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠳᠠᠭᠠᠭᠤᠯᠤᠨ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ 

政协调研.jpg

 

      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ᠂

ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠪᠦᠬᠦᠯᠢ ᠴᠣᠭᠴᠠ ᠶᠢᠨ ᠠᠵᠢᠯᠯᠠᠭᠠᠨ᠂ ᠲᠤᠬᠠᠶᠢᠯᠠᠭᠰᠠᠨ ᠠᠵᠢᠯ ᠤᠨ  ᠭᠦᠢᠴᠡᠳᠭᠡᠯ᠂ ᠬᠢᠨᠠᠨ

ᠵᠥᠪᠰᠢᠶᠡᠷᠡᠬᠦ ᠶᠠᠪᠤᠴᠠ᠂  ᠭᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠳᠣᠬᠢ

ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠤᠨ ᠠᠵᠢᠯᠯᠠᠭᠠᠨ ᠳᠤ ᠣᠷᠣᠰᠢᠵᠤ ᠪᠠᠶᠢᠭ᠎ᠠ ᠬᠦᠴᠢᠷᠳᠡᠯ ᠵᠢᠴᠢ ᠬᠢᠯᠠᠰ ᠴᠡᠭ ᠤᠨ ᠰᠢᠨ᠎ᠡ ᠶᠢ ᠡᠭᠦᠳᠬᠦ ᠠᠵᠢᠯ ᠢ ᠨᠠᠷᠢᠨ

ᠣᠶᠢᠯᠠᠭᠠᠪᠠ᠃ ᠷᠦᠢ ᠲᠠᠢ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠴᠡᠭ ᠲᠤ᠂ ᠪᠠᠶᠢᠴᠠᠭᠠᠨ ᠰᠤᠳᠤᠯᠬᠤ

ᠳᠤᠭᠤᠶᠢᠯᠠᠩ ᠤᠨ ᠬᠢᠨ ᠠᠵᠢᠯᠲᠠᠳ ᠤᠨ ᠨᠡᠶᠢᠭᠡᠮ ᠲᠣᠭᠤᠷᠢᠭ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠨᠡᠶᠢᠭᠡᠮ

ᠲᠣᠭᠤᠷᠢᠭ ᠤᠨ ᠠᠵᠢᠯ ᠳᠤ ᠲᠤᠯᠭᠠᠷᠠᠭᠰᠠᠨ ᠬᠦᠴᠢᠷᠳᠡᠯ᠂ ᠠᠰᠠᠭᠤᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠥᠷ

ᠮᠣᠩᠭᠤᠯ ᠤᠨ ᠲᠠᠯ᠎ᠠ ᠨᠤᠲᠤᠭ ᠤᠨ ᠬᠤᠩ ᠲᠠᠢ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠶᠠᠨ ᠬᠤᠩ ᠵᠢᠶᠠ ᠰᠢᠩ ᠨᠣᠯᠤᠤᠷ ᠤᠨ 

ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠲᠦᠩ ᠰᠦᠯᠢᠶᠣᠣ ᠶᠢᠨ ᠬᠢᠵᠠᠭᠠᠷᠲᠤ ᠺᠣᠮᠫᠠᠨᠢ ᠳᠤ᠂ ᠪᠠᠶᠢᠴᠠᠭᠠᠨ ᠰᠤᠳᠤᠯᠬᠤ

ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ  ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠵᠤ 

ᠦᠢᠯᠡᠰ ᠤᠨ ᠬᠥᠭᠵᠢᠯᠲᠡ ᠶᠢᠨ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃ 

      ᠶᠢᠨ ᠱᠠᠨ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠡᠷᠡᠭᠴᠡᠭᠡ ᠱᠠᠭᠠᠷᠳᠠᠯᠭ᠎ᠠ ᠪᠠ ᠠᠰᠠᠭᠤᠳᠠᠯ ᠢᠶᠠᠷ

ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠡᠷᠡᠮᠡᠯᠵᠡᠯ ᠢ ᠦᠢᠯᠡᠴᠢᠯᠡᠭᠡ ᠪᠠ ᠰᠠᠶᠢᠵᠢᠷᠠᠭᠤᠯᠬᠤ ᠴᠢᠭᠯᠡᠯ

ᠪᠣᠯᠭᠠᠵᠤ᠂ ᠤᠬᠠᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠶ ᠥᠨᠳᠥᠷ

ᠪᠦᠲᠦᠮᠵᠢᠲᠡᠶ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠬᠡᠷᠡᠭᠲᠡᠶ︔ ᠪᠦᠬᠦ ᠡᠯᠧᠮᠧᠨ᠋ᠲ ᠢ ᠨᠢᠭᠡᠳᠦᠯᠲᠡᠢ

ᠲᠥᠯᠥᠪᠵᠢᠭᠦᠯᠦᠨ ᠵᠣᠬᠢᠴᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠬᠠᠮᠤᠷᠬᠤ ᠦᠢᠯᠡᠴᠢᠯᠡᠭᠡᠨ ᠤ ᠠᠭᠤᠯᠭ᠎ᠠ ᠤᠯᠠᠨ᠂ ᠬᠤᠯᠪᠣᠭᠳᠠᠬᠤ 

ᠬᠡᠪᠴᠢᠶ᠎ᠡ ᠥᠷᠭᠡᠨ ᠪᠠᠶᠢᠵᠤ᠂  ᠰᠢᠰᠲ᠋ᠧᠮ ᠤᠨ ᠰᠡᠳᠬᠢᠬᠦᠢ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠠᠳᠬᠤᠬᠤ ᠶᠢ ᠰᠤᠷᠴᠤ᠂ ᠵᠠᠰᠠᠭ ᠤᠨ

ᠶᠠᠪᠤᠳᠠᠯ ᠤᠨ ᠦᠢᠯᠡᠴᠢᠯᠡᠭᠡ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠴᠣᠮᠬᠠᠳᠬᠠᠬᠤ ᠶᠢᠨ ᠬᠠᠮᠲᠤ ᠠᠵᠤ

ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠳᠤ ᠲᠤᠭᠤᠰᠢᠯᠠᠭᠤᠯᠵᠤ᠂ ᠵᠠᠰᠠᠭ ᠵᠠᠬᠢᠷᠭ᠎ᠠ ᠠᠵᠤ ᠠᠬᠤᠶᠢᠯᠠᠯ ᠤᠨ ᠬᠢᠨ ᠤᠯᠤᠯᠴᠠᠭ᠎ᠠ

ᠵᠣᠬᠢᠴᠠᠭᠤᠯᠭ᠎ᠠ ᠪᠠᠨ ᠴᠢᠩᠭᠠᠳᠬᠠᠵᠤ᠂ ᠣᠨᠣᠴᠠᠲᠠᠢ ᠡᠷᠴᠢᠮᠲᠡᠢ᠂ ᠥᠨᠳᠥᠷ ᠪᠦᠲᠦᠮᠵᠢᠲᠡᠢ ᠪᠠᠷ ᠬᠠᠮᠵᠢᠯᠴᠠᠬᠤ ᠶᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢᠨ

ᠵᠦᠢᠯᠡᠰ ᠢ ᠡᠷᠡᠰ ᠭᠤᠢᠪᠢᠰᠢ ᠦᠭᠡᠢ ᠠᠬᠢᠭᠤᠯᠵᠤ᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠰᠠᠶᠢᠲᠤᠷ ᠬᠢᠬᠦ︾ ᠶᠢ

ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠴᠤᠪᠤᠷᠠᠯ ᠢ ᠳᠠᠬᠢᠨ ᠪᠠᠶᠢᠭᠤᠯᠬᠤ ᠶᠢ ᠬᠡᠷᠡᠭᠵᠢᠭᠦᠯᠵᠦ᠂ ᠳᠦᠷᠢᠮ ᠤᠨ ᠰᠢᠨ᠎ᠡ ᠡᠭᠦᠳᠦᠯᠲᠡ ᠶᠢ ᠥᠷᠨᠢᠭᠦᠯᠵᠦ᠂

ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠰᠲ᠋ᠧᠮ ᠤᠨ ᠪᠠᠢᠭᠤᠯᠤᠯᠲᠠ ᠶᠢ ᠴᠢᠷᠮᠠᠶᠢᠨ ᠪᠠᠬᠢᠵᠢᠭᠦᠯᠵᠦ᠂ ᠪᠦᠬᠦ ᠬᠤᠰᠢᠭᠤᠨ ᠤ

ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠷᠬᠡᠶᠢᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ