ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠥ ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠠᠵᠤ ᠠᠬᠤᠶ ᠶᠢᠨ ᠠᠵᠢᠯ ᠢ ᠵᠠᠳᠠᠯᠤᠨ ᠰᠤᠳᠤᠯᠵᠥ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/8/5
     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 28 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠨᠠᠷᠢᠨ ᠪᠤᠳᠤᠯᠢᠶᠠᠨᠲᠠᠶ ᠬᠠᠳᠠᠭᠤ ᠴᠢᠩᠭ᠎ᠠ ᠳᠡᠯᠡᠬᠡᠶ ᠶᠢᠨ ᠣᠷᠴᠢᠨ ᠲᠣᠭᠤᠷᠢᠨ ᠪᠣᠯᠤᠨ ᠪᠡᠷᠬᠡ ᠬᠠᠲᠠᠭᠤᠵᠢᠯᠲᠠᠶ ᠬᠦᠨᠳᠦ ᠨᠦᠰᠡᠷ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠤᠯᠪᠠ᠃ ᠤᠯᠤᠰ ᠳᠠᠶᠠᠭᠠᠷ ᠢᠶᠠᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠥ᠂ ᠠᠮᠵᠢᠯᠳᠠ ᠪᠦᠳᠦᠮᠵᠢ ᠶᠢ ᠭᠦᠢᠴᠡᠳ ᠨᠤᠲᠠᠯᠠᠭᠤᠰᠢᠲᠠᠢ ᠪᠠᠶᠢᠨ᠎ᠠ᠃ ᠡᠭᠦᠨ ᠤ ᠬᠠᠮᠲᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠵᠠᠷᠢᠮ ᠲᠤᠪᠤᠶᠢᠮ᠎ᠠ ᠵᠥᠷᠢᠴᠡᠯ ᠪᠠ ᠠᠰᠠᠭᠤᠳᠠᠯ ᠲᠤᠯᠭᠠᠷᠠᠵᠤ ᠪᠠᠶᠢᠨ᠎ᠠ᠂ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢᠶᠠᠨ ᠪᠠᠲᠤᠯᠠᠵᠤ᠂ ᠥᠪᠡᠷ ᠤᠨ ᠶᠠᠪᠤᠳᠠᠯ ᠢᠶᠠᠨ ᠡᠷᠡᠰ ᠪᠠᠳᠤ ᠰᠠᠶᠢᠲᠤᠷ ᠬᠢᠬᠦ ᠬᠡᠷᠡᠭᠲᠡᠢ ᠬᠡᠵᠥ ᠦᠵᠡᠪᠡ᠃      ᠬᠤᠷᠠᠯ ᠠᠴᠠ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠵᠤ ᠲᠡᠶᠢᠯᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠰᠡᠷᠬᠦᠵᠥ ᠰᠠᠶᠢᠵᠢᠷᠠᠯᠲᠠ ᠲᠠᠢ ᠪᠣᠯᠬᠤ ᠬᠠᠨᠳᠤᠰᠢ ᠶᠢ ᠪᠠᠬᠢᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠬᠠᠮᠤᠭ ᠤᠨ ᠰᠠᠶᠢᠨ ᠦᠷ᠎ᠡ ᠳ᠋ᠦᠩ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠪᠠᠷᠢᠮᠲᠠᠯᠠᠯ ᠪᠣᠯ ᠳᠠᠷᠤᠢ ᠢᠯᠠᠯᠲᠠ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠶᠡᠷᠦᠩᠬᠡᠶᠢᠯᠡᠨ ᠦᠵᠡᠵᠦ᠂ ᠰᠢᠰᠲ᠋ᠧᠮ ᠲᠠᠢ ᠦᠵᠡᠵᠦ᠂ ᠠᠯᠤᠰ ᠬᠤᠯᠠ ᠶᠢ ᠪᠣᠳᠣᠯᠬᠢᠯᠠᠵᠤ᠂ ᠢᠯᠠᠩᠭᠤᠶ᠎ᠠ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠩᠰᠠ ᠶᠢ ᠪᠤᠳᠤᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢᠯᠡᠷᠡᠪᠡᠯ ᠡᠷᠬᠡᠪᠰᠢ ᠳᠠᠷᠦ᠋ᠢᠬᠠᠨ ᠴᠢᠩᠭ᠎ᠠ ᠰᠡᠷᠭᠡᠶᠢᠯᠡᠨ ᠡᠵᠡᠮᠳᠡᠵᠦ᠂ ᠬᠠᠮᠢᠶᠠᠷᠬᠤ ᠶᠣᠰᠣᠲᠠᠶ ᠶᠢ ᠨᠢ ᠡᠷᠡᠰ ᠬᠠᠮᠢᠶᠠᠷᠴᠤ᠂ ᠶᠠᠭᠠᠬᠢᠭᠰᠠᠨ ᠴᠤ ᠠᠯᠮᠠᠶᠢᠷᠠᠵᠤ ᠬᠠᠯᠠᠰᠢᠷᠠᠵᠥ ᠪᠣᠯᠬᠤ ᠥᠬᠡᠶ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠷᠡᠰ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠭᠤᠤᠯᠳᠠᠯᠭ᠎ᠠ ᠲᠠᠢ ᠴᠢᠳᠠᠮᠵᠢ ᠶᠢ ᠡᠮᠬᠢ ᠵᠢᠷᠤᠮ ᠲᠠᠢ ᠠᠵᠢᠯᠯᠠᠭᠤᠯᠬᠤ ᠶᠢ ᠪᠠᠲᠤᠯᠠᠵᠤ᠂ ᠪᠠᠲᠤᠯᠠᠬᠤ ᠶᠣᠰᠣᠲᠠᠶ ᠶᠢ ᠨᠢ ᠡᠷᠡᠰ ᠪᠠᠲᠤᠯᠠᠬᠤ ᠬᠡᠷᠡᠭᠲᠡᠶ᠃ ᠸᠢᠷᠦ᠋ᠰ ᠤᠨ ᠤᠨᠳᠤᠤᠰᠢᠯ ᠤᠨ ᠮᠥᠷᠳᠡᠯᠲᠡ ᠪᠠ ᠰᠢᠨ᠎ᠡ ᠸᠠᠺᠼᠢᠨ ᠰᠢᠨ᠎ᠡ ᠡᠮ ᠢ ᠰᠤᠳᠤᠯᠤᠨ ᠨᠡᠭᠡᠭᠡᠬᠦ ᠠᠵᠢᠯ ᠢ ᠰᠠᠶᠢᠲᠤᠷ ᠬᠢᠬᠦ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠬᠤᠷᠸ᠎ᠠ ᠲᠦᠷᠦ ᠶᠢᠨ ᠪᠤᠳᠤᠯᠭ᠎ᠠ ᠨᠢ ᠬᠡᠷᠡᠭᠴᠡᠭᠡ ᠶᠢ ᠥᠷᠭᠡᠳᠭᠡᠬᠦ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠳ᠋ ᠤᠨ ᠵᠠᠰᠠᠭ ᠵᠣᠭᠤᠰᠣᠨ ᠤ ᠲᠦᠷᠦ ᠶᠢᠨ ᠪᠤᠳᠤᠯᠭ᠎ᠠ ᠨᠢ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢᠨ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠢ ᠪᠠᠷ ᠨᠥᠬᠦᠪᠥᠷᠢᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠦᠷᠢ ᠥᠭᠴᠡᠭᠡᠨ ᠤ ᠬᠢᠵᠠᠭᠠᠷ ᠲᠤᠭ᠎ᠠ ᠶᠢ ᠭᠦᠢᠴᠡᠳ ᠰᠠᠶᠢᠲᠤᠷ ᠬᠡᠷᠡᠭᠯᠡᠬᠦ ᠶᠢ ᠳᠡᠮᠵᠢᠬᠦ ᠬᠡᠷᠡᠭᠳᠡᠢ᠃ ᠵᠣᠭᠤᠰᠣᠨ ᠤ ᠲᠦᠷᠦ ᠶᠢᠨ ᠪᠤᠳᠤᠯᠭ᠎ᠠ ᠨᠢ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠠᠵᠤ ᠠᠬᠤᠶᠢᠯᠠᠯ ᠳᠤ ᠦᠵᠡᠭᠦᠯᠬᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠠᠩᠬᠢ ᠶᠢᠨ ᠰᠢᠨ᠎ᠡ ᠪᠠᠷ ᠨᠡᠮᠡᠭᠳᠡᠭᠰᠡᠨ ᠢᠲᠡᠭᠡᠮᠵᠢᠲᠦ ᠵᠢᠭᠡᠯᠡᠯᠭᠡ ᠪᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠴᠢᠨᠠᠷ ᠪᠣᠯᠤᠨ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢ ᠰᠢᠯᠤᠭᠤᠳᠬᠠᠵᠤ᠂ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠮᠳᠠ ᠪᠠᠷᠠᠭᠤᠨ ᠣᠷᠣᠨ ᠤ ᠰᠠᠭᠤᠷᠢ ᠲᠥᠬᠦᠭᠡᠷᠦᠮᠵᠢ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠬᠦ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠰᠠᠬᠢᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠰᠢᠨ᠎ᠡ ᠡᠨᠧᠷᠭᠢ ᠶᠢᠨ ᠬᠠᠩᠭᠠᠯᠭ᠎ᠠ ᠶᠢᠨ ᠰᠢᠩᠭᠡᠭᠡᠯᠳᠠ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠬᠡᠷᠡᠭᠲᠡᠢ᠃ ᠭᠡᠷ ᠭᠠᠵᠠᠷ ᠤᠨ ᠬᠦᠷᠦᠩᠬᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠬᠰᠡᠨ ᠶᠤᠮ᠂ ᠰᠠᠷᠢᠭᠠᠯᠠᠬᠤ ᠳᠤ ᠵᠤᠷᠢᠭᠤᠯᠤᠬᠰᠡᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠤᠳᠠ ᠶᠢᠨ ᠪᠠᠶᠢᠳᠠᠯ ᠳᠤ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠬᠠᠶᠢᠷᠴᠠᠭ ᠢ ᠭᠦᠢᠴᠡᠳ ᠰᠠᠶᠢᠲᠤᠷ ᠬᠡᠷᠡᠭᠯᠡᠵᠦ᠂ ᠵᠠᠪᠠᠯ ᠬᠡᠷᠡᠭᠯᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠲᠡᠮᠵᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠷ ᠲᠤᠰᠢᠶᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠵᠠᠷᠢᠮ ᠭᠠᠵᠠᠷ ᠣᠷᠣᠨ ᠤ ᠲᠣᠰᠬᠤᠨ ᠪᠠᠯᠭᠠᠰᠤᠨ ᠤ ᠪᠠᠩᠬᠢ ᠶᠢᠨ ᠠᠶᠤᠯ ᠲᠦᠭᠰᠢᠭᠦᠷᠢ ᠶᠢ ᠵᠤᠬᠢᠰᠳᠠᠢ ᠠᠷᠢᠯᠭᠠᠵᠤ᠂ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠥᠭᠡᠷᠡᠴᠢᠯᠡᠯᠲᠡ ᠨᠡᠬᠡᠬᠡᠯᠳᠡ ᠪᠠᠷ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠲᠠᠪᠴᠠᠩ ᠤᠨ ᠠᠵᠤ ᠠᠬᠤᠢ ᠶᠢᠨ ᠲᠤᠰᠬᠠᠢ ᠴᠡᠭᠴᠡᠯᠡᠨ ᠵᠠᠰᠠᠯᠲᠠ ᠶᠢ ᠪᠡᠶᠡᠯᠡᠭᠦᠯᠵᠦ᠂ ᠲᠠᠪᠴᠠᠩ ᠤᠨ ᠠᠵᠤ ᠠᠬᠤᠢ ᠶᠢ ᠪᠠᠶᠢᠩᠭᠤᠵᠢᠭᠤᠯᠤᠨ ᠬᠢᠨᠠᠨ ᠬᠠᠮᠢᠶᠠᠷᠴᠤ᠂ ᠨᠢᠭᠡ ᠪᠦᠯᠦᠭ ︽ᠰᠠᠭᠠᠳ ᠦᠭᠡᠢ ᠨᠡᠪᠳᠡᠷᠡᠬᠦ︾ ᠪᠡᠯᠡ ᠣᠷᠣᠭᠤᠯᠤᠯᠲᠠ ᠶᠢᠨ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠭᠠᠷᠭᠠᠬᠤ ᠬᠡᠷᠡᠭᠲᠡᠢ᠃ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ᠂ ᠭᠠᠳᠠᠭᠠᠳᠤ ᠣᠷᠣᠭᠤᠯᠤᠯᠲᠠ ᠶᠢ ᠥᠷᠭᠡᠳᠭᠡᠨ᠂ ᠮᠡᠷᠭᠡᠵᠢᠯ᠂ ᠭᠠᠳᠠᠭᠠᠳᠤ ᠪᠠᠯᠠ ᠶᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃       ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠬᠦᠴᠦᠯᠡᠨ ᠪᠠᠲᠤᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠪᠠᠭ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠢᠶᠠᠨ ᠥᠷᠨᠢᠭᠦᠯᠵᠦ᠂ ᠤᠳᠤᠷᠢᠳᠬᠤ ᠺᠠᠳ᠋ᠷᠴᠤᠳ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠵᠢᠳᠬᠦᠯ ᠴᠢᠷᠮᠠᠶᠢᠯᠭ᠎ᠠ ᠭᠠᠷᠭᠠᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ ᠠᠵᠤ ᠠᠬᠤᠢ ᠶᠢᠨ ᠲᠤᠮᠤ ᠮᠤᠵᠢ ᠨᠢ ᠭᠤᠤᠯ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠨᠥᠬᠦᠴᠡᠯ ᠲᠠᠢ ᠮᠤᠵᠢ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠴᠢᠳᠠᠮᠠᠭᠠᠢ ᠴᠢᠨᠠᠷ ᠢ ᠪᠠᠳᠠᠷᠠᠭᠤᠯᠵᠤ᠂ ᠰᠠᠶᠢᠨ ᠲᠦᠷᠦ ᠶᠢᠨ ᠪᠤᠳᠤᠯᠭ᠎ᠠ ᠪᠣᠯᠤᠨ ᠲᠦᠷᠢᠮ ᠤᠨ ᠣᠷᠴᠢᠨ ᠨᠦᠬᠦᠴᠡᠯ ᠢ ᠪᠤᠢ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠷᠢᠭᠲᠠᠢ ᠠᠵᠢᠯᠯᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠢ ᠬᠢᠬᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠵᠣᠷᠢᠭᠲᠠᠢ ᠪᠡᠯᠡ ᠣᠷᠣᠭᠤᠯᠬᠤ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠤ ᠱᠠᠭᠠᠷᠳᠠᠪᠠ᠃       ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠤᠷᠢᠨ ᠪᠠᠶᠢᠴᠠᠭᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠲᠥᠪ ᠤᠨ ᠪᠠ ᠲᠦᠷᠦ ᠶᠢᠨ ᠪᠠᠶᠢᠭᠤᠯᠭ᠎ᠠ ᠶᠢ ᠲᠥᠪᠯᠡᠷᠡᠭᠦᠯᠦᠨ ᠲᠣᠭᠤᠷᠢᠨ ᠪᠠᠶᠢᠴᠠᠭᠠᠵᠤ᠂ ᠨᠠᠮ ᠤᠨ ᠳᠦᠷᠢᠮ ᠳᠤ ᠲᠣᠭᠲᠠᠭᠠᠭᠰᠠᠨ ᠲᠣᠭᠤᠷᠢᠨ ᠪᠠᠶᠢᠴᠠᠭᠠᠯᠲᠠ ᠶᠢ ᠪᠦᠬᠦᠨ ᠢ ᠪᠦᠷᠬᠦᠬᠦᠯᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠢᠯᠡ ᠲᠣᠳᠣ ᠵᠠᠩ ᠴᠢᠨᠠᠷ ᠢ ᠳᠤᠪᠤᠶᠢᠯᠭᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢᠨ ᠨᠢᠭᠡ ᠯᠡ ᠠᠳᠠᠯᠢ ᠪᠠᠶᠢᠬᠤ ᠡᠷᠡᠰ ᠪᠠᠲᠤ ᠵᠣᠭᠰᠣᠯᠲᠠ ᠶᠢ ᠢᠯᠡᠷᠡᠭᠦᠯᠵᠡᠢ᠃ ᠲᠣᠭᠤᠷᠢᠨ ᠪᠠᠶᠢᠴᠠᠭᠠᠯᠲᠠ ᠠᠴᠠ ᠦᠵᠡᠪᠡᠯ᠂ ᠲᠥᠪ ᠤᠨ ᠪᠠ ᠲᠥᠷᠥ ᠶᠢᠨ ᠪᠠᠶᠢᠭᠤᠯᠭ᠎ᠠ ᠲᠠᠰᠤᠷᠠᠯᠳᠠ ᠦᠭᠡᠢ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠷᠢᠨ ᠬᠢᠨᠠᠮᠠᠭᠠᠶ ᠬᠠᠷᠢᠭᠤᠴᠠᠬᠤ᠂ ᠢᠳᠡᠪᠬᠢᠲᠡᠶ ᠥᠭᠡᠳᠡᠯᠡᠨ ᠳᠠᠪᠰᠢᠬᠤ ᠰᠠᠶᠢᠨ ᠰᠠᠶᠢᠬᠠᠨ ᠪᠠᠶᠢᠳᠠᠯ ᠢᠯᠡᠷᠡᠵᠦ᠂ ᠡᠯ᠎ᠡ ᠵᠦᠶ᠋ᠯ ᠤᠨ ᠠᠵᠢᠯ ᠰᠢᠨ᠎ᠡ ᠦᠷ᠎ᠡ ᠪᠦᠲᠦᠮᠵᠢ ᠤᠯᠪᠠ᠃ ᠡᠭᠦᠨ ᠤ ᠵᠡᠷᠭᠡ ᠪᠠᠷ᠂ ᠲᠣᠭᠤᠷᠢᠨ ᠪᠠᠶᠢᠴᠠᠭᠠᠯᠲᠠ ᠳᠤ ᠪᠠᠰᠠ ᠵᠠᠷᠢᠮ ᠠᠰᠠᠭᠤᠳᠠᠯ ᠢ ᠢᠯᠡᠷᠡᠬᠦᠯᠪᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠲᠥᠪ ᠤᠨ ᠪᠠ ᠲᠦᠷᠦ ᠶᠢᠨ ᠪᠠᠶᠢᠭᠤᠯᠭ᠎ᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠥᠬᠦᠷᠡᠰᠢ ᠥᠬᠡᠶ ᠰᠠᠶᠢᠳᠤᠷ ᠡᠵᠡᠮᠰᠢᠵᠥ ᠨᠡᠪᠳᠡᠷᠡᠳᠡᠯ᠎ᠡ ᠦᠢᠯᠠᠭᠠᠵᠥ ᠪᠤᠳᠠᠳᠠᠶᠢᠵᠢᠭᠤᠯᠵᠥ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠬᠠᠷᠢᠭᠤᠴᠠᠬᠤ ᠶᠢ ᠲᠦᠷᠦᠭᠦᠯᠡᠨ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠴᠠᠭ ᠦᠶ᠎ᠡ ᠶᠢᠨ ᠠᠵᠢᠯ ᠤᠨ ᠵᠢᠮ᠎ᠡ ᠶᠣᠰᠣ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠭᠡᠬᠦ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠬᠤᠷᠠᠭᠤᠯᠬᠤ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤ ᠪᠤᠢ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠤᠷᠢᠳᠴᠢᠯᠠᠨ ᠮᠡᠳᠡᠬᠦ᠂ ᠠᠷᠭᠠᠴᠠᠭᠠᠬᠤ᠂ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠴᠢᠩᠭ᠎ᠠ ᠪᠠᠶᠢᠬᠤ ᠭᠤᠣᠯ ᠬᠦᠭ ᠠᠶᠠᠰ ᠢ ᠡᠷᠡᠰ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠳᠣᠲᠣᠭᠠᠳᠤ ᠶᠢᠨ ᠬᠠᠮᠢᠶᠠᠷᠤᠯᠲᠠ ᠪᠣᠯᠤᠨ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ ᠶᠢ ᠨᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ