ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠦᠪᠡᠳᠡᠭᠰᠢ ᠶᠡᠭᠡ ᠳᠠᠶᠢᠯᠠᠯᠭ᠎ᠠ ᠬᠢᠵᠦ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠪᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠤᠯᠤᠨ ᠯᠢ ᠺᠧ ᠴᠢᠶᠠᠩ ᠯᠢ ᠵᠠᠨ ᠱᠣ᠋ ᠸᠠᠩ ᠶᠠᠩ ᠸᠠᠩ ᠬᠣ᠋ ᠨᠢᠩ ᠵᠤᠤ ᠯᠧ ᠵᠶᠢ ᠬᠠᠨ ᠵᠧᠩ ᠸᠠᠩ ᠴᠢ ᠱᠠᠨ ᠣᠷᠣᠯᠴᠠᠵᠠᠢ
ᠨᠡᠶᠢᠲᠡᠯᠡᠭᠰᠡᠨ ᠴᠠᠭ᠄
2022/8/5
      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠬᠢᠯᠭᠠᠨ ᠮᠡᠳᠡᠭᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ 7 ᠰᠠᠷ᠎ᠠ ᠶᠢᠨ 31 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠳᠠᠶᠢᠯᠠᠯᠭ᠎ᠠ ᠬᠢᠵᠦ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠣᠯᠤᠨ ᠯᠢ ᠺᠧ ᠴᠢᠶᠠᠩ᠂ ᠯᠢ ᠵᠠᠨ ᠱᠣ᠋ ᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠳᠠᠶᠢᠯᠠᠯᠭ᠎ᠠ ᠳᠤ ᠣᠷᠣᠯᠴᠠᠵᠠᠢ᠃     ᠠᠷᠠᠳ ᠤᠨ ᠶᠡᠭᠡ ᠬᠤᠷᠠᠯ ᠤᠨ ᠲᠠᠩᠬᠢᠮ ᠤᠨ ᠳᠠᠶᠢᠯᠠᠯᠭ᠎ᠠ ᠶᠢᠨ ᠲᠢᠩᠬᠢᠮ ᠳᠤ ᠦᠡᠭᠭᠡᠳᠦ ᠳ᠋ᠧᠩ ᠳᠤᠸᠠᠯᠠᠵᠤ᠂ ᠬᠥᠷ ᠬᠥᠭᠵᠢᠶᠡᠨᠲᠡᠶ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ᠲᠥᠪ ᠰᠦᠷᠯᠢᠭ ︽8 · 1︾ ᠤ ᠴᠡᠷᠢᠭ ᠤᠨ ᠰᠦᠯᠳᠡ ᠶᠢ ᠡᠯᠭᠦᠵᠦ᠂ ︽1927 — 2022︾ ᠭᠡᠬᠦ ᠲᠤᠮᠤ ᠦᠰᠦᠭᠲᠦ ᠣᠨ ᠤ ᠳ᠋ᠤᠭᠠᠷ ᠨᠢ ᠬᠤᠷᠴᠠ ᠤᠯᠠᠭᠠᠨ ᠲᠤᠭ ᠤᠨ ᠳᠣᠣᠷ᠎ᠠ ᠣᠨᠴᠠ ᠶᠢᠨ ᠢᠯᠡᠲᠡᠢ ᠬᠠᠷᠠᠭᠳᠠᠵᠤ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠦᠩᠭᠡᠷᠡᠭᠡᠭᠰᠡᠨ 95 ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠬᠠᠷᠠᠭᠤᠯᠤᠨ᠎ᠠ᠃      18 ᠴᠠᠭ ᠤᠨ ᠦᠶ᠎ᠡ ᠪᠠᠷ᠂ ᠪᠠᠶᠠᠷ ᠪᠠᠶᠠᠰᠬᠤᠯᠠᠩᠲᠠᠢ ︽ᠵᠣᠴᠢᠨ ᠤᠭᠲᠤᠬᠤ ᠠᠶ᠎ᠠ︾ ᠶᠢᠨ ᠲᠤᠮᠳᠠ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠳᠠᠶᠢᠯᠠᠯᠭ᠎ᠠ ᠶᠢᠨ ᠲᠢᠩᠬᠢᠮ ᠳᠤ ᠠᠯᠬᠤᠨ ᠣᠷᠣᠵᠤ᠂ ᠳᠤᠮᠳᠠᠳᠤ ᠭᠠᠳᠠᠭᠠᠳᠤ ᠶᠢᠨ ᠵᠣᠴᠢᠳ ᠲᠠᠢ ᠨᠢᠭᠡ ᠲᠠᠩᠬᠢᠮ ᠳᠤ ᠴᠤᠭᠯᠠᠷᠠᠵᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃    

建军95周年.jpg

    

     7 ᠰᠠᠷ᠎ᠠ ᠶᠢᠨ 31 ᠤ ᠡᠳᠦᠷ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠪᠡᠭᠡᠵᠢᠩ ᠤᠨ

ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠳᠠᠶᠢᠯᠠᠯᠭ᠎ᠠ ᠬᠢᠵᠦ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ

95 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠣᠯᠤᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ

᠂ ᠸᠠᠩ ᠴᠢ ᠱᠠᠨ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠳᠠᠶᠢᠯᠠᠯᠭ᠎ᠠ ᠳᠤ ᠣᠷᠣᠯᠴᠠᠵᠠᠢ᠃

     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ

   

     ᠳᠠᠶᠢᠯᠠᠯᠭ᠎ᠠ ᠡᠬᠢᠯᠡᠬᠦ ᠦᠶ᠎ᠡ ᠳᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠤᠯᠤᠰ ᠤᠨ

ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠸᠧᠢ ᠹᠧᠩ ᠾᠧ ᠪᠠᠶᠠᠷ ᠤᠨ ᠦᠭᠡ ᠬᠡᠯᠡᠪᠡ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠯᠭ᠎ᠠ ᠪᠠᠷ᠂ ᠸᠧᠶ

ᠹᠧᠩ ᠾᠧ ᠡᠩ ᠲᠡᠷᠢᠭᠦᠨ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ

ᠡᠮᠦᠨ᠎ᠡ ᠠᠴᠠ᠂ ᠠᠷᠠᠳ ᠤᠨ ᠴᠢᠯᠥᠭᠡᠯᠡᠬᠦ ᠴᠡᠷᠢᠭ ᠤᠨ ᠪᠦᠬᠦ ᠵᠢᠯᠤᠭᠤᠳᠤᠬᠴᠢ ᠪᠠᠶᠢᠯᠳᠤᠭᠴᠢᠳ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ

ᠪᠠᠶᠢᠯᠳᠤᠭᠴᠢ᠂ ᠴᠡᠷᠢᠭ ᠠᠩᠬᠢ ᠶᠢᠨ ᠪᠢᠴᠢᠭ ᠤᠨ ᠲᠤᠰᠢᠶᠠᠯᠲᠡᠨ᠂ ᠡᠷᠦᠬᠡ ᠶᠢᠨ ᠴᠡᠷᠢᠭ ᠤᠨ ᠪᠡᠯᠡᠳᠭᠡᠯ ᠠᠯᠪᠠᠨ ᠤ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ

ᠳᠡᠪᠰᠢᠭᠦᠯᠵᠦ᠂ ᠡᠯ᠎ᠡ ᠴᠠᠭ ᠦᠶ᠎ᠡ ᠳᠤ ᠠᠷᠠᠳ ᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠠᠵᠢᠯ ᠠᠴᠠ ᠪᠠᠨ

ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠠᠬᠠᠮᠠᠳ ᠪᠠᠶᠢᠯᠳᠤᠭᠴᠢ᠂ ᠴᠡᠷᠢᠭ ᠠᠴᠠ ᠬᠠᠯᠠᠭᠳᠠᠭᠰᠠᠳ ᠴᠡᠷᠢᠭ ᠠᠴᠠ ᠪᠠᠭᠤᠭᠰᠠᠳ᠂

ᠬᠤᠪᠢᠰᠬᠠᠯᠳᠤ ᠵᠡᠮᠳᠡᠭ ᠴᠡᠷᠢᠭ ᠪᠣᠯᠤᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠭᠡᠵᠦ᠂ ︽

8 · 1 ᠤ ᠭᠠᠪᠢᠶᠠᠨ ᠲᠡᠮᠳᠡᠭ︾ ᠬᠦᠷᠲᠡᠭᠰᠡᠨ ᠨᠥᠬᠦᠳ ᠲᠤ᠂ ᠪᠦᠬᠦ ᠴᠡᠷᠢᠭ ᠤᠨ ᠪᠠᠭᠠᠲᠤᠷ ᠵᠢᠱᠢᠶᠡᠴᠢ ᠶᠢᠨ ᠲᠥᠯᠥᠭᠡᠯᠡᠭᠴᠢ᠂ ᠪᠦᠬᠦ ᠤᠯᠤᠰ ᠤᠨ ᠬᠤᠶᠠᠷ ᠢ

ᠬᠦᠷᠢᠶᠡᠯᠡᠭᠰᠡᠨ ᠵᠢᠱᠢᠶᠡᠴᠢ ᠶᠢᠨ ᠲᠥᠯᠥᠭᠡᠯᠡᠭᠴᠢ᠂ ᠪᠦᠬᠦ ᠤᠯᠤᠰ ᠤᠨ ᠵᠢᠱᠢᠶᠡᠴᠢ ᠴᠡᠷᠢᠭ ᠠᠴᠠ ᠬᠠᠯᠠᠭᠳᠠᠭᠰᠠᠨ ᠺᠠᠳ᠋ᠷᠴᠤᠳ ᠤᠨ ᠲᠥᠯᠥᠭᠡᠯᠡᠭᠴᠢ ᠳᠤ ᠡᠷᠬᠢᠮ

ᠳᠡᠭᠡᠳᠦ ᠬᠦᠨᠳᠦᠳᠭᠡᠯ ᠳᠡᠪᠰᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ

ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠨᠥᠬᠦᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ

ᠠᠩᠭᠢ ᠶᠢᠨ ᠪᠦᠳᠦᠭᠡᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠨ ᠡᠯ ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂

ᠠᠷᠠᠳ ᠤᠨ ᠪᠦᠯᠬᠦᠮ ᠳᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩ ᠰᠡᠳᠭᠢᠯ ᠤᠨ ᠲᠠᠯᠠᠷᠬᠠᠯ ᠳᠡᠪᠰᠢᠭᠦᠯᠵᠦ᠂ ᠳᠠᠶᠢᠯᠠᠯᠭ᠎ᠠ ᠳᠤ

ᠣᠷᠣᠯᠴᠠᠭᠰᠠᠨ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠴᠡᠷᠢᠭ ᠤᠨ ᠡᠯᠴᠢᠨ ᠵᠢᠴᠢ ᠬᠦᠷᠦᠯᠴᠡᠨ ᠢᠷᠡᠭᠰᠡᠨ ᠵᠣᠴᠢᠳ ᠢ ᠬᠠᠯᠠᠭᠤᠨ ᠢᠶᠠᠷ ᠤᠭᠲᠤᠵᠤ

ᠪᠠᠶᠢᠬᠤ ᠪᠠᠨ ᠢᠯᠡᠳᠭᠡᠪᠡ᠃

     ᠸᠧᠢ ᠹᠧᠩ ᠡᡁᠧ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠣᠭᠴᠠᠯᠠᠨ

ᠪᠠᠶᠢᠭᠤᠯᠤᠭᠰᠠᠨ ᠠᠷᠠᠳ ᠤᠨ ᠴᠡᠷᠢᠭ ᠠᠩᠬᠢ ᠮᠥᠨ᠃ 95 ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠭᠠᠲᠤᠷᠯᠢᠭ ᠠᠷᠠᠳ ᠤᠨ

ᠴᠡᠷᠢᠭ ᠠᠩᠬᠢ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ᠂ ᠤᠯᠤᠰ ᠤᠨ ᠪᠠᠶᠠᠵᠢᠯ ᠬᠦᠴᠦᠷᠬᠡᠭᠵᠢᠯ ᠳᠤ ᠪᠠᠯᠠᠷᠠᠰᠢ ᠦᠭᠡᠢ

ᠭᠠᠪᠢᠶ᠎ᠠ ᠵᠢᠳᠬᠦᠯ ᠪᠠᠶᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠳᠤ ᠬᠦᠴᠦᠷᠬᠡᠭ ᠶᠡᠭᠡ

ᠲᠤᠯᠭᠠᠭᠤᠷᠢᠯᠠᠯ ᠬᠠᠩᠭᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠬᠡᠵᠤ

ᠢᠯᠡᠳᠬᠡᠵᠡᠢ᠃

     ᠸᠧᠢ ᠹᠧᠩ ᠾᠧ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠪᠦᠬᠦ ᠴᠡᠷᠢᠭ ᠢᠶᠠᠷ ᠢᠶᠠᠨ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ

ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂

ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ ᠮᠠᠨ ᠤ ᠤᠯᠤᠰ ᠤᠨ ᠳᠡᠯᠡᠬᠡᠢ ᠳᠡᠭᠡᠷᠡᠬᠢ ᠪᠠᠶᠢᠷᠢ

ᠰᠠᠭᠤᠷᠢ ᠲᠠᠢ ᠵᠣᠬᠢᠴᠠᠭᠰᠠᠨ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠠᠰᠢᠭ ᠲᠤᠰᠠ ᠲᠠᠢ ᠵᠣᠬᠢᠴᠠᠭᠰᠠᠨ ᠪᠠᠲᠤ ᠪᠠᠬᠢ ᠤᠯᠤᠰ ᠤᠨ ᠪᠠᠲᠤᠯᠠᠨ

ᠬᠠᠮᠠᠭᠠᠯᠠᠯᠲᠠ ᠪᠠ ᠬᠦᠴᠦᠷᠬᠡᠭ ᠶᠡᠭᠡ ᠠᠷᠠᠳ ᠤᠨ ᠴᠡᠷᠢᠭ ᠠᠩᠬᠢ ᠶᠢ ᠴᠢᠷᠮᠠᠶᠢᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ

ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠳᠤᠮᠳᠠᠳᠤ ᠭᠠᠳᠠᠭᠠᠳᠤ ᠶᠢᠨ ᠵᠣᠴᠢᠳ ᠬᠤᠨᠳᠠᠭ᠎ᠠ ᠡᠷᠭᠦᠨ ᠳᠤᠮᠳᠠᠳᠤ ᠤᠯᠤᠰ ᠤᠨ ᠠᠷᠠᠳ ᠤᠨ

ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠳᠤ ᠪᠠᠶᠠᠷ ᠬᠦᠷᠭᠡᠵᠦ᠂ ᠳᠤᠮᠳᠠᠳᠤ ᠤᠯᠤᠰ ᠤᠨ ᠬᠥᠭᠵᠢᠯ ᠴᠡᠴᠡᠭᠯᠡᠯ ᠢ ᠵᠥᠩᠨᠡᠵᠦ᠂ ᠳᠤᠮᠳᠠᠳᠤ

ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠳᠡᠯᠡᠬᠡᠢ ᠶᠢᠨ ᠡᠯ᠎ᠡ ᠤᠯᠤᠰ ᠤᠨ ᠴᠡᠷᠢᠭ ᠠᠩᠬᠢ ᠶᠢᠨ ᠨᠥᠬᠦᠷᠯᠡᠯ ᠮᠥᠩᠬᠡᠷᠡᠬᠦ ᠶᠢ ᠵᠥᠩᠨᠡᠪᠡ᠃

     ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂

ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂

ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ

ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠤᠨ ᠲᠥᠪ ᠤᠨ ᠴᠡᠷᠢᠭ ᠤᠨ ᠶᠠᠪᠤᠳᠠᠯ ᠤᠨ

ᠬᠤᠷᠢᠶᠠᠨ ᠤ ᠭᠡᠰᠢᠭᠦᠨ᠂ ᠨᠠᠮ ᠪᠣᠯᠤᠨ ᠤᠯᠤᠰ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ

ᠴᠡᠷᠢᠭ ᠠᠩᠬᠢ ᠶᠢᠨ ᠠᠬᠠᠮᠠᠳ ᠨᠥᠬᠦᠳ ᠳᠠᠶᠢᠯᠠᠯᠭ᠎ᠠ ᠳᠤ ᠣᠷᠣᠯᠴᠠᠵᠠᠢ᠃

     ᠳᠠᠶᠢᠯᠠᠯᠭ᠎ᠠ ᠳᠤ ᠣᠷᠣᠯᠴᠠᠭᠰᠠᠳ ᠲᠤ ᠪᠠᠰᠠ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ

ᠠᠷᠠᠳ ᠤᠨ ᠪᠦᠯᠬᠦᠮ ᠪᠣᠯᠤᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ ᠵᠢᠴᠢ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ

ᠮᠥᠴᠢᠷ᠂ ᠴᠢᠯᠥᠭᠡᠯᠡᠬᠦ ᠴᠡᠷᠢᠭ ᠤᠨ ᠪᠡᠭᠡᠵᠢᠩ ᠳᠤ ᠰᠠᠭᠤᠭ᠎ᠠ ᠡᠯ᠎ᠡ ᠶᠡᠭᠡ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠬᠠᠷᠢᠭᠤᠴᠠᠯᠭᠠᠲᠠᠨ ᠨᠥᠬᠦᠳ

ᠪᠤᠢ︔ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠲᠥᠯᠥᠭᠡᠯᠡᠭᠴᠢ᠂ ︽8 · 1 ᠤ ᠭᠠᠪᠢᠶᠠᠨ

ᠲᠡᠮᠳᠡᠭ︾ ᠬᠦᠷᠳᠡᠭᠰᠡᠳ᠂ ᠪᠦᠬᠦ ᠴᠡᠷᠢᠭ ᠤᠨ ᠪᠠᠭᠠᠲᠤᠷ ᠵᠢᠱᠢᠶᠡᠴᠢ᠂ ᠨᠡᠶᠢᠰᠯᠡᠯ ᠤᠨ ᠡᠷᠦᠬᠡ ᠶᠢᠨ ᠴᠡᠷᠢᠭ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠪᠦᠬᠦ

ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ᠂ ᠤᠤᠯ ᠤᠨ ᠭᠤᠮᠢᠨᠳᠠᠩ ᠤᠨ ᠪᠣᠰᠣᠯᠭ᠎ᠠ ᠶᠢᠨ ᠬᠥᠮᠦᠰ ᠤᠨ ᠲᠥᠯᠥᠭᠡᠯᠡᠭᠴᠢ ᠵᠢᠴᠢ ᠳᠤᠮᠳᠠᠳᠤ ᠤᠯᠤᠰ ᠲᠤ

ᠰᠠᠭᠤᠭ᠎ᠠ ᠭᠠᠳᠠᠭᠠᠳᠤ ᠶᠢᠨ ᠴᠡᠷᠢᠭ ᠤᠨ ᠡᠯᠴᠢᠨ ᠨᠠᠷ ᠪᠤᠢ᠃ 

    

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ