ᠰᠢ ᠶᠢᠨ ᠫᠢᠩ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠶᠢ ᠠᠬᠢᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠳᠠᠢ  ᠯᠢ ᠺᠧ ᠴᠢᠶᠠᠩ ᠬᠤᠷᠠᠯ ᠢ ᠡᠷᠬᠢᠯᠡᠵᠦ  ᠯᠢ ᠵᠠᠨ ᠱᠤ᠋  ᠸᠠᠩ ᠬᠤ᠋ ᠨᠢᠩ  ᠵᠤᠤ ᠯᠧ ᠵᠶᠢ  ᠬᠠᠨ ᠵᠧᠩ ᠬᠤᠷᠠᠯ ᠳᠤ  ᠣᠷᠣᠯᠴᠠᠵᠤ ᠸᠠᠩ ᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/8/5
       ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠬᠢᠯᠭᠠᠨ ᠮᠡᠳᠡᠭᠡ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ 7 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠡᠨᠡ ᠵᠢᠯ ᠪᠣᠯ ᠮᠠᠨ ᠤ ᠨᠠᠮ ᠨᠢᠭᠡᠳᠦᠮᠡᠯ ᠹᠷᠣᠨᠲ ᠤᠨ ᠲᠦᠷᠦ ᠶᠢᠨ ᠪᠤᠳᠤᠯᠭ᠎ᠠ ᠶᠢ ᠲᠣᠳᠣᠷᠬᠠᠢ ᠳᠤᠷᠠᠳᠤᠭᠰᠠᠨ 100 ᠵᠢᠯ ᠤᠨ ᠤᠢ ᠪᠣᠯᠤᠨ᠎ᠠ᠃ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠬᠥᠭᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠨ ᠤᠷᠤᠨ ᠪᠠᠶᠢᠷᠢ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠦᠨᠳᠦᠰᠦᠨ ᠡᠭᠦᠷᠭᠡ ᠪᠣᠯ᠄ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠡᠨᠳᠤᠭᠤᠯᠵᠤ᠂ ᠨᠢᠭᠡᠳᠦᠯᠲᠦ ᠴᠢᠨᠠᠷ ᠪᠠ ᠣᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠳᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠥᠮᠦᠨ ᠤ ᠰᠡᠳᠭᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠥᠷᠥ ᠶᠢᠨ ᠦᠶ᠋ᠯᠡᠳᠦᠯ ᠢ ᠪᠠᠳᠠᠷᠠᠭᠤᠯᠵᠤ᠂ ᠲᠥᠷᠥ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠠᠩᠭᠢ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠡᠷ ᠤᠨ ᠬᠠᠷᠢᠴᠠᠭ᠎ᠠ ᠡᠶ᠎ᠡ ᠵᠤᠬᠢᠴᠠᠩᠭᠤᠢ ᠪᠠᠶᠢᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃       ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃       ᠰᠢ ᠶᠢᠨ ᠫᠢᠩ ᠶᠠᠷᠢᠶᠠᠨ ᠳᠠᠭᠠᠨ᠂ ᠨᠢᠭᠡᠳᠦᠮᠡᠯ ᠹᠷᠣᠨᠲ ᠪᠣᠯ ᠨᠠᠮ ᠤᠨ ᠶᠡᠷᠦᠩᠬᠡᠶ ᠱᠤᠭᠤᠮ ᠶᠡᠷᠦᠩᠬᠡᠶ ᠲᠥᠷᠥ ᠶᠢᠨ ᠪᠣᠳᠣᠯᠭ᠎ᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠤᠯᠤᠰ ᠤᠨ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠳᠠᠯᠢ ᠪᠤᠰᠤ ᠲᠡᠦᠬᠡᠨ ᠴᠠᠭ ᠦᠶ᠎ᠡ ᠳᠤ ᠴᠢᠬᠤᠯᠠ ᠦᠢᠯᠡᠳᠦᠯ ᠦᠵᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠷᠳᠢᠨᠴᠤ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠨᠢᠭᠡᠳᠦᠮᠡᠯ ᠹᠷᠣᠨᠲ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠨᠢᠭᠡᠳᠦᠮᠡᠯ ᠹᠷᠣᠨᠲ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠤᠯᠬᠤ ᠶᠢ ᠠᠬᠢᠭᠤᠯᠵᠤ᠂ ᠨᠢᠭᠡᠳᠦᠮᠡᠯ ᠹᠷᠣᠨᠲ ᠲᠤ ᠪᠦᠯᠬᠦᠮᠳᠡᠬᠦ᠂ ᠡᠷᠡᠯᠬᠡᠭᠯᠡᠨ ᠤᠷᠤᠭᠰᠢᠯᠠᠬᠤ᠂ ᠵᠠᠮ ᠨᠡᠭᠡᠭᠡᠬᠦ᠂ ᠬᠥᠭᠵᠢᠶᠡᠨᠲᠡᠢ ᠪᠠᠶᠢᠬᠤ ᠰᠠᠶᠢᠨ ᠰᠠᠶᠢᠬᠠᠨ ᠪᠠᠶᠢᠳᠠᠯ ᠢᠯᠡᠷᠡᠪᠠ ᠭᠡᠵᠤ ᠵᠢᠭᠠᠵᠤ ᠭᠠᠷᠭᠠᠵᠠᠢ᠃       ᠰᠢ ᠶᠢᠨ ᠫᠢᠩ᠂ ᠪᠢᠳᠡ ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠤ᠂ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠭᠤᠣᠯᠳᠠᠭᠤ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠡᠷᠬᠡᠪᠰᠢ ᠭᠦᠢᠴᠡᠳ ᠪᠠᠳᠠᠷᠠᠭᠤᠯᠵᠤ᠂ ᠬᠥᠮᠦᠨ ᠤ ᠰᠡᠳᠭᠢᠯ ᠪᠠ ᠬᠦᠴᠦᠨ ᠴᠢᠳᠠᠯ ᠤᠨ ᠠᠰᠠᠭᠤᠳᠠᠯ ᠢ ᠡᠷᠬᠡᠪᠰᠢ ᠰᠠᠶᠢᠲᠤᠷ ᠰᠢᠢᠳᠪᠦᠷᠢᠯᠡᠵᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠡᠷᠬᠡᠪᠰᠢ ᠵᠥᠪ ᠰᠢᠢᠳᠪᠦᠷᠢᠯᠡᠵᠤ᠂ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠲᠦᠷᠢᠮ ᠢ ᠡᠷᠬᠡᠪᠰᠢ ᠰᠠᠶᠢᠳᠤᠷ ᠪᠠᠷᠢᠮᠳᠠᠯᠠᠵᠤ ᠰᠠᠶᠢᠲᠤᠷ ᠬᠥᠭᠵᠢᠭᠦᠯᠵᠦ ᠰᠠᠶᠢᠲᠤᠷ ᠲᠡᠭᠦᠯᠳᠡᠷᠵᠢᠭᠦᠯᠵᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ ᠡᠷᠬᠡᠪᠰᠢ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠠᠩᠭᠢ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠡᠷᠬᠡᠪᠰᠢ ᠰᠠᠶᠢᠲᠤᠷ ᠬᠢᠵᠤ᠂ ᠡᠷᠬᠡᠪᠰᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠰᠢᠶᠠᠩᠭᠠᠩ ᠣᠣᠮᠧᠨ ᠲᠠᠶᠢᠸᠠᠨ ᠪᠠ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠤᠨ ᠬᠥᠮᠦᠰ ᠤᠨ ᠰᠡᠳᠭᠢᠯ ᠢ ᠤᠯᠬᠤ ᠦᠢᠯᠡᠳᠦᠯ ᠢ ᠡᠷᠬᠡᠪᠰᠢ ᠪᠠᠳᠠᠷᠠᠭᠤᠯᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠡᠷᠬᠡᠪᠰᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠵᠢᠮ᠎ᠡ ᠶᠣᠰᠣ ᠶᠢ ᠡᠷᠬᠡᠪᠰᠢ ᠡᠵᠡᠮᠰᠢᠵᠤ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠬᠡᠪᠰᠢ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠴᠢᠬᠤᠯᠠ ᠦᠵᠡᠯ ᠰᠠᠨᠠᠭ᠎ᠠ ᠪᠣᠯ ᠨᠠᠮ ᠤᠨ ᠨᠢᠭᠡᠳᠦᠮᠡᠯ ᠹᠷᠣᠨᠲ ᠤᠨ ᠵᠠᠭᠤᠨ ᠵᠢᠯ ᠤᠨ ᠬᠥᠭᠵᠢᠯᠲᠡ ᠶᠢᠨ ᠲᠡᠦᠬᠡ ᠶᠢᠨ ᠤᠶᠤᠨ ᠤᠬᠠᠭᠠᠨ ᠤ ᠤᠬᠢ ᠰᠢᠮ᠎ᠠ ᠮᠥᠨ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠵᠦᠭᠯᠡᠭᠦᠷ ᠮᠥᠨ᠂ ᠪᠦᠬᠦ ᠨᠠᠮ ᠢᠶᠠᠷ ᠢᠶᠠᠨ ᠡᠷᠬᠡᠪᠰᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃        ᠰᠢ ᠶᠢᠨ ᠫᠢᠩ᠂ ᠨᠢᠭᠡᠳᠦᠮᠡᠯ ᠹᠷᠣᠨᠲ ᠪᠣᠯ ᠨᠠᠮ ᠤᠨ ᠳᠠᠶᠢᠰᠤᠨ ᠢ ᠳᠠᠷᠤᠵᠤ ᠢᠯᠠᠯᠲᠠ ᠤᠯᠬᠤ᠂ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠴᠢᠬᠤᠯᠠ ᠡᠷᠳᠡᠨᠢ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠪᠦᠬᠦ ᠬᠥᠪᠡᠭᠦᠳ ᠥᠬᠢᠳ ᠢ ᠪᠦᠯᠬᠦᠮᠳᠡᠭᠦᠯᠦᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠡᠷᠳᠡᠨᠢ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠬᠥᠮᠦᠨ ᠤ ᠰᠡᠳᠭᠢᠯ ᠤᠨ ᠬᠠᠨᠳᠤᠰᠢ᠂ ᠬᠦᠴᠦᠨ ᠤ ᠬᠠᠷᠢᠴᠠᠯ ᠪᠣᠯ ᠨᠠᠮ ᠪᠠ ᠠᠷᠠᠳ ᠲᠦᠮᠡᠨ ᠤ ᠦᠢᠯᠡᠰ ᠤᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠮᠥᠨ᠂ ᠬᠠᠮᠤᠭ ᠤᠨ ᠶᠡᠭᠡ ᠤᠯᠤᠰ ᠲᠦᠷᠦ ᠮᠥᠨ᠃ ᠨᠢᠭᠡᠳᠦᠮᠡᠯ ᠹᠷᠣᠨᠲ ᠤᠨ ᠠᠵᠢᠯ ᠤᠨ ᠮᠥᠨ ᠴᠢᠨᠠᠷ ᠤᠨ ᠱᠠᠭᠠᠷᠳᠠᠯᠭ᠎ᠠ ᠪᠣᠯ ᠶᠡᠭᠡ ᠪᠦᠯᠬᠦᠮᠳᠡᠯ ᠶᠡᠭᠡ ᠬᠤᠯᠪᠣᠭᠠᠯᠠᠯ ᠮᠥᠨ᠂ ᠬᠥᠮᠦᠨ ᠤ ᠰᠡᠳᠭᠢᠯ ᠪᠠ ᠬᠦᠴᠦᠨ ᠤ ᠠᠰᠠᠭᠤᠳᠠᠯ ᠢ ᠰᠢᠢᠳᠪᠤᠷᠢᠯᠠᠵᠤ ᠪᠠᠶᠢᠳᠠᠭ᠃ ᠵᠠᠩᠭᠢᠯᠠᠭ᠎ᠠ ᠨᠢ ᠠᠳᠠᠯᠢ ᠲᠠᠯ᠎ᠠ ᠪᠠᠨ ᠡᠷᠢᠵᠦ ᠵᠥᠷᠢᠶ᠎ᠠ ᠲᠠᠢ ᠲᠠᠯ᠎ᠠ ᠪᠠᠨ ᠦᠯᠡᠳᠡᠭᠡᠬᠦ ᠶᠢ ᠪᠠᠷᠢᠮᠲᠠᠯᠠᠵᠤ᠂ ︽ᠪᠦᠯᠬᠦᠮᠳᠡᠯ — ᠰᠢᠭᠦᠮᠵᠢᠯᠡᠯ — ᠪᠦᠯᠬᠦᠮᠳᠡᠯ︾ ᠬᠡᠮᠡᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠠᠨ ᠶᠠᠩᠵᠤᠲᠤ ᠴᠢᠨᠠᠷ ᠢ ᠬᠦᠨᠳᠦᠳᠭᠡᠬᠦ ᠳᠤᠮᠳᠠ ᠨᠢᠭᠡᠳᠦᠯᠲᠦ ᠴᠢᠨᠠᠷ ᠢ ᠡᠷᠢᠯᠬᠢᠯᠡᠵᠦ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠣᠯᠵᠤ᠂ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠵᠢᠷᠤᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ ᠠᠴᠠ ᠤᠳᠤᠷᠢᠳᠬᠤ ᠨᠢᠭᠡᠳᠦᠮᠡᠯ ᠹᠷᠣᠨᠲ ᠮᠥᠨ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠪᠣᠯ ᠪᠦᠬᠦ ᠨᠠᠮ ᠤᠨ ᠠᠵᠢᠯ ᠮᠥᠨ᠂ ᠡᠷᠬᠡᠪᠰᠢ ᠪᠦᠬᠦ ᠨᠠᠮ ᠢᠶᠠᠷ ᠢᠶᠠᠨ ᠴᠢᠬᠤᠯᠠᠴᠢᠯᠠᠵᠤ᠂ ᠤᠯᠠᠨ ᠢᠶᠠᠷ ᠢᠶᠠᠨ ᠬᠠᠮᠲᠤ ᠪᠠᠷ ᠬᠢᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃        ᠰᠢ ᠶᠢᠨ ᠫᠢᠩ᠂ ᠤᠳᠤᠬᠠᠨ ᠳᠤ ᠨᠢᠭᠡᠳᠦᠮᠡᠯ ᠹᠷᠣᠨᠲ ᠲᠤ ᠲᠤᠯᠭᠠᠷᠠᠵᠤ ᠪᠠᠶᠢᠭ᠎ᠠ ᠴᠠᠭ ᠪᠣᠯᠤᠨ ᠪᠠᠶᠢᠳᠠᠯ᠂ ᠡᠭᠦᠷᠭᠡᠯᠡᠵᠦ ᠪᠠᠶᠢᠭ᠎ᠠ ᠡᠭᠦᠷᠭᠡ ᠪᠣᠯᠤᠨ ᠬᠠᠷᠢᠭᠤᠴᠠᠯᠭ᠎ᠠ ᠳᠤ ᠵᠠᠷᠢᠮ ᠴᠢᠬᠤᠯᠠ ᠶᠡᠭᠡ ᠬᠤᠪᠢᠷᠠᠯᠲᠠ ᠭᠠᠷᠴᠠᠢ᠃ ᠳᠡᠯᠡᠬᠡᠢ ᠶᠢᠷᠳᠢᠨᠴᠤ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠲᠠᠯ᠎ᠠ ᠪᠠᠷ ᠨᠢᠭᠡᠳᠦᠮᠡᠯ ᠹᠷᠣᠨᠲ ᠤᠨ ᠦᠢᠯᠡᠳᠦᠯ ᠨᠡᠩ ᠴᠢᠬᠤᠯᠠ ᠪᠣᠯᠪᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ᠂ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠢᠭᠡᠳᠦᠮᠡᠯ ᠹᠷᠣᠨᠲ ᠤᠨ ᠦᠢᠯᠡᠳᠦᠯ ᠨᠡᠩ ᠴᠢᠬᠤᠯᠠ ᠪᠤᠯᠵᠠᠢ᠃ ᠮᠠᠨ ᠤ ᠤᠯᠤᠰ ᠤᠨ ᠨᠡᠶᠢᠭᠡᠮ ᠤᠨ ᠪᠦᠲᠦᠴᠡ ᠳᠤ ᠭᠦᠨᠵᠡᠭᠡᠢ ᠬᠤᠪᠢᠷᠠᠯᠲᠠ ᠭᠠᠷᠴᠤ᠂ ᠨᠠᠮ ᠤᠨ ᠠᠩᠭᠢ ᠶᠢᠨ ᠰᠠᠭᠤᠷᠢ ᠶᠢ ᠴᠢᠩᠭᠠᠳᠬᠠᠬᠤ᠂ ᠨᠠᠮ ᠤᠨ ᠤᠯᠠᠨ ᠲᠦᠮᠡᠨ ᠤ ᠰᠠᠭᠤᠷᠢ ᠶᠢ ᠥᠷᠭᠡᠳᠭᠡᠬᠦ ᠲᠠᠯ᠎ᠠ ᠪᠠᠷ ᠨᠢᠭᠡᠳᠦᠮᠡᠯ ᠹᠷᠣᠨᠲ ᠤᠨ ᠦᠢᠯᠡᠳᠦᠯ ᠨᠡᠩ ᠴᠢᠬᠤᠯᠠ ᠪᠣᠯᠪᠠ᠃ ᠪᠢᠳᠡ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠬᠥᠭᠵᠢᠭᠦᠯᠦᠨ ᠪᠤᠵᠠᠭᠠᠶᠢᠷᠠᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠡᠭᠡᠳᠦ ᠬᠡᠮᠵᠢᠶᠡᠨ ᠤ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠭᠢᠯᠭᠡ ᠪᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠨᠢᠭᠡᠳᠦᠮᠡᠯ ᠹᠷᠣᠨᠲ ᠪᠦᠯᠬᠦᠮᠳᠡᠯ ᠠᠴᠠ ᠪᠤᠯᠵᠤ ᠡᠭᠦᠰᠴᠤ᠂ ᠪᠦᠯᠬᠦᠮᠳᠡᠯ ᠳᠤ ᠲᠦᠰᠢᠭᠯᠡᠨ ᠬᠥᠭᠵᠢᠨ ᠮᠠᠨᠳᠤᠵᠠᠢ᠃ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠲᠦ ᠬᠠᠷᠢᠭᠤᠴᠠᠯᠭ᠎ᠠ ᠮᠥᠨ᠃ ᠡᠨᠡ ᠬᠦ ᠠᠵᠢᠯ ᠢ ᠰᠠᠶᠢᠲᠤᠷ ᠬᠢᠬᠦ ᠳᠤ ᠲᠣᠭᠤᠷᠢᠭ ᠤᠨ ᠲᠥᠪ ᠢ ᠪᠠᠲᠤ ᠰᠠᠬᠢᠬᠤ ᠪᠠ ᠬᠠᠮᠲᠤ ᠶᠢᠨ ᠲᠠᠨᠢᠯᠲᠠ ᠶᠢ ᠥᠷᠭᠡᠳᠭᠡᠬᠦ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠠᠳᠠᠯᠢ ᠪᠤᠰᠤ ᠨᠠᠮ ᠪᠦᠯᠦᠭ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠠᠩᠭᠢ ᠳᠠᠪᠬᠤᠷᠭ᠎ᠠ᠂ ᠠᠳᠠᠯᠢ ᠪᠤᠰᠤ ᠬᠠᠮᠲᠤᠯᠢᠭ᠂ ᠠᠳᠠᠯᠢ ᠪᠤᠰᠤ ᠢᠲᠡᠭᠡᠯ ᠪᠢᠰᠢᠷᠡᠯ ᠵᠢᠴᠢ ᠠᠳᠠᠯᠢ ᠪᠤᠰᠤ ᠨᠡᠶᠢᠭᠡᠮ ᠤᠨ ᠪᠠᠶᠢᠭᠤᠯᠤᠯ ᠳᠣᠣᠷ᠎ᠠ ᠠᠮᠢᠳᠤᠷᠠᠵᠤ ᠪᠠᠶᠢᠭ᠎ᠠ ᠪᠦᠬᠦ ᠳᠤᠮᠳᠠᠳᠤ ᠶᠢᠨ ᠬᠥᠪᠡᠭᠦᠳ ᠥᠬᠢᠳ ᠢ ᠦᠨᠡᠨ ᠬᠦ ᠪᠦᠯᠬᠦᠮᠳᠡᠭᠦᠯᠬᠦ ᠬᠡᠷᠡᠭᠲᠡᠢ᠃ ᠲᠠᠯᠳᠠ ᠪᠦᠲᠦᠮᠵᠢ ᠪᠠ ᠢᠯᠡ ᠪᠦᠲᠦᠮᠵᠢ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠵᠦᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠨ᠂ ᠨᠠᠮ ᠤᠨ ᠨᠢᠭᠡᠳᠦᠮᠡᠯ ᠹᠷᠣᠨᠲ ᠤᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ᠃ ᠵᠠᠷᠴᠢᠮᠲᠤ ᠴᠢᠨᠠᠷ ᠪᠠ ᠠᠮᠢᠳᠤᠯᠢᠭ ᠴᠢᠨᠠᠷ ᠤᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠴᠢᠭᠯᠡᠯᠲᠡ ᠲᠦᠷᠦ ᠶᠢᠨ ᠪᠤᠳᠤᠯᠭ᠎ᠠ ᠶᠢᠨ ᠵᠠᠷᠴᠢᠮᠲᠤ ᠴᠢᠨᠠᠷ ᠪᠠ ᠠᠷᠭᠠᠴᠡᠭᠠᠬᠤ ᠪᠤᠳᠤᠯᠭ᠎ᠠ ᠠᠷᠭ᠎ᠠ ᠬᠡᠮᠵᠢᠶ᠎ᠡ ᠶᠢᠨ ᠠᠮᠢᠳᠤᠯᠢᠭ ᠴᠢᠨᠠᠷ ᠢ ᠴᠢᠳᠠᠮᠠᠭᠠᠢ ᠪᠠᠷ ᠤᠶᠠᠯᠳᠤᠭᠤᠯᠤᠨ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠮᠥᠷᠲᠡᠭᠡᠨ ᠪᠠᠰᠠ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠵᠤ᠂ ᠠᠵᠢᠯ ᠤᠨ ᠠᠷᠭ᠎ᠠ ᠮᠠᠶ᠋ᠢᠭ ᠠᠷᠭ᠎ᠠ ᠪᠠᠷᠢᠯ ᠢ ᠴᠢᠬᠤᠯᠠᠴᠢᠯᠠᠬᠤ ᠬᠡᠷᠡᠭᠲᠡᠢ᠃ ᠪᠦᠯᠬᠦᠮᠳᠡᠯ ᠪᠠ ᠲᠡᠮᠡᠴᠡᠯ ᠤᠨ ᠬᠠᠷᠢᠴᠠᠭ᠎ᠠ ᠶᠢ ᠰᠠᠶᠢᠲᠤᠷ ᠡᠵᠡᠮᠰᠢᠬᠦ ᠮᠦᠷᠳᠡᠭᠡᠨ ᠲᠡᠮᠡᠴᠡᠬᠦ ᠳᠤ ᠴᠢᠳᠠᠮᠠᠭᠠᠢ ᠪᠠᠶᠢᠵᠤ᠂ ᠲᠡᠮᠡᠴᠡᠬᠦ ᠴᠢᠳᠠᠪᠤᠷᠢ ᠪᠠᠨ ᠨᠡᠮᠡᠭᠳᠡᠭᠦᠯᠵᠦ᠂ ᠡᠪᠳᠡᠷᠡᠰᠢ ᠦᠭᠡᠢ ᠵᠢᠩᠭᠢᠨᠢ ᠪᠦᠯᠬᠦᠮᠳᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃       ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠢᠮᠠᠭᠲᠠ ᠪᠥᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠨᠢᠭᠡᠳᠦᠮᠡᠯ ᠹᠷᠣᠨᠲ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ᠬᠤᠯᠪᠣᠭᠳᠠᠯ ᠪᠥᠬᠦᠶ ᠴᠢᠬᠤᠯᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠲᠥᠪ ᠤᠨ ᠲᠥᠪᠡᠳ ᠤᠨ ᠠᠵᠢᠯ ᠤᠨ ᠶᠠᠷᠢᠯᠴᠠᠬᠤ ᠬᠤᠷᠠᠯ᠂ ᠲᠥᠪ ᠤᠨ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ᠂ ᠪᠥᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠵᠡᠷᠭᠡ ᠴᠢᠬᠤᠯᠠ ᠬᠤᠷᠠᠯ ᠢ ᠬᠤᠷᠠᠯᠳᠤᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠪᠠᠶᠢᠭᠤᠯᠤᠯ ᠲᠣᠭᠲᠠᠴᠠ ᠪᠠᠨ ᠲᠡᠭᠦᠯᠳᠡᠷᠵᠢᠭᠦᠯᠦᠨ᠂ ᠰᠢᠨ᠎ᠡ ᠴᠠᠭ ᠦᠶ᠎ᠡ ᠶᠢᠨ ᠤᠯᠠᠨ ᠨᠠᠮ ᠤᠨ ᠬᠠᠮᠲᠤᠷᠠᠨ ᠠᠵᠢᠯᠯᠠᠬᠤ ᠶᠠᠪᠤᠳᠠᠯ ᠤᠨ ᠨᠡᠩ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠠᠮᠢᠳᠤ ᠴᠣᠪᠣᠭᠤᠯᠢᠭ ᠪᠠᠶᠢᠬᠤ ᠶᠢ ᠠᠬᠢᠭᠤᠯᠬᠤ ᠬᠡᠷᠡᠭᠲᠡᠢ᠃ ᠨᠠᠮ ᠤᠨ ᠭᠠᠳᠠᠨᠠᠬᠢ ᠰᠡᠬᠡᠭᠡᠲᠡᠨ ᠪᠣᠯᠤᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠᠷ ᠦᠨᠳᠦᠰᠦ ᠪᠣᠯᠭᠠᠵᠤ᠂ ᠤᠯᠤᠰ ᠢᠶᠠᠨ ᠬᠠᠶᠢᠷᠠᠯᠠᠬᠤ ᠲᠡᠮᠡᠴᠡᠯ ᠢᠶᠠᠷ ᠵᠣᠷᠢᠯᠭ᠎ᠠ ᠪᠣᠯᠭᠠᠵᠤ᠂ ᠲᠡᠳᠡᠨ ᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠭᠠᠪᠢᠶ᠎ᠠ ᠪᠠᠶᠢᠭᠤᠯᠤᠨ ᠦᠢᠯᠡᠰ ᠪᠤᠰᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠮᠦᠨ᠎ᠡ ᠹᠷᠣᠨᠲ ᠲᠤ ᠢᠳᠡᠪᠬᠢᠲᠡᠢ ᠣᠷᠣᠯᠴᠠᠵᠤ᠂ ᠠᠪᠢᠶᠠᠰ ᠴᠢᠳᠠᠪᠤᠷᠢ ᠪᠠ ᠬᠦᠰᠡᠯ ᠵᠣᠷᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠪᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠲᠡᠳᠡᠨ ᠢ ᠬᠠᠪᠰᠤᠷᠤᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠳᠦᠭᠡᠨ ᠪᠠᠶᠢᠭᠤᠯᠤᠭᠴᠢ ᠪᠣᠯᠭᠠᠬᠤ ᠬᠡᠷᠡᠭᠲᠡᠢ᠃ ᠭᠠᠳᠠᠭᠠᠳᠤ ᠳᠤ ᠪᠠᠶᠢᠭ᠎ᠠ ᠤᠯᠤᠰ ᠢᠶᠠᠨ ᠬᠠᠶᠢᠷᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢ ᠣᠶᠢᠯᠠᠭᠠᠬᠤ ᠳᠤᠮᠳᠠᠳᠤ ᠳᠤ ᠨᠦᠬᠦᠷᠰᠡᠭ ᠬᠦᠴᠦᠨ ᠢ ᠬᠥᠮᠦᠵᠢᠭᠦᠯᠦᠨ ᠪᠤᠵᠠᠭᠠᠶᠢᠷᠠᠭᠤᠯᠵᠤ᠂ ᠳᠤᠮᠳᠠᠳᠤ ᠭᠠᠳᠠᠭᠠᠳᠤ ᠶᠢᠨ ᠰᠣᠶᠣᠯ ᠤᠨ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠠᠬᠢᠭᠤᠯᠬᠤ ᠬᠡᠷᠡᠭᠲᠡᠢ᠃ ᠰᠦᠯᠵᠢᠶᠡᠨ ᠤ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠵᠦ᠂ ᠰᠦᠯᠵᠢᠶᠡᠨ ᠤ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃       ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠶᠢᠨ ᠦᠨᠳᠦᠰᠦ ᠨᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠨᠠᠮ ᠢᠶᠠᠷ ᠢᠶᠠᠨ ᠬᠠᠮᠲᠤ ᠪᠠᠷ ᠬᠥᠳᠡᠯᠦᠯᠴᠡᠭᠰᠡᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠮᠵᠢᠯᠴᠠᠨ ᠬᠥᠳᠡᠯᠦᠯᠴᠡᠭᠰᠡᠨ ᠠᠵᠢᠯ ᠤᠨ ᠪᠠᠶᠢᠳᠠᠯ ᠢ ᠪᠦᠷᠢᠯᠳᠦᠭᠦᠯᠬᠦ ᠳᠤ ᠪᠤᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠡᠳᠦᠮᠡᠯ ᠹᠷᠣᠨᠲ ᠤᠨ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯᠡᠰ ᠲᠡᠭᠡᠨ ᠣᠷᠣᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠢᠭᠡᠳᠦᠮᠡᠯ ᠹᠷᠣᠨᠲ ᠤᠨ ᠤᠬᠠᠮᠰᠠᠷ ᠢᠶᠠᠨ ᠴᠢᠩᠭᠠᠳᠬᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠥᠪᠯᠡᠬᠦ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠱᠠᠯᠠᠪᠳᠠᠭᠤᠯᠬᠤ ᠵᠡᠷᠭᠡ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠺᠠᠳ᠋ᠷᠴᠤᠳ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠠᠵᠢᠯ ᠤᠨ ᠤᠷ᠎ᠡ ᠮᠡᠷᠭᠡᠵᠢᠯ ᠢ ᠡᠷᠬᠢᠮᠯᠡᠨ᠂ ᠠᠵᠢᠯᠯᠠᠬᠤ ᠠᠷᠭ᠎ᠠ ᠪᠠᠨ ᠰᠠᠶᠢᠵᠢᠷᠠᠭᠤᠯᠵᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠪᠠ ᠨᠢᠭᠡᠳᠦᠮᠡᠯ ᠹᠷᠣᠨᠲ ᠤᠨ ᠺᠠᠳ᠋ᠷᠴᠤᠳ ᠤᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠮᠠᠰᠢ ᠴᠢᠬᠤᠯᠠ ᠶᠤᠮ᠃ ᠶᠠᠷᠢᠶ᠎ᠠ ᠨᠢ ᠵᠠᠭᠤᠨ ᠵᠢᠯ ᠤᠨ ᠨᠢᠭᠡᠳᠦᠮᠡᠯ ᠹᠷᠣᠨᠲ ᠤᠨ ᠲᠡᠦᠬᠡᠲᠦ ᠴᠢᠨᠠᠷᠲᠠᠢ ᠬᠤᠪᠢ ᠨᠡᠮᠡᠷᠢ ᠪᠣᠯᠤᠨ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠢᠴᠡᠳ ᠨᠤᠲᠠᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠢᠭᠡᠳᠦᠮᠡᠯ ᠹᠷᠣᠨᠲ ᠤᠨ ᠠᠵᠢᠯ ᠤᠨ ᠪᠦᠷᠢᠯᠳᠦᠭᠦᠯᠦᠭᠰᠡᠨ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠲᠡᠦᠬᠡᠨ ᠣᠷᠣᠨ ᠪᠠᠶᠢᠷᠢ ᠶᠢ ᠭᠦᠨᠵᠡᠭᠡᠢ ᠵᠠᠳᠠᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠡᠭᠦᠷᠭᠡ᠂ ᠠᠵᠢᠯ ᠤᠨ ᠭᠤᠣᠯᠳᠠᠯᠭ᠎ᠠ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠳᠣᠷᠬᠠᠢ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ ᠶᠤᠮ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠭᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠠᠰᠤᠷᠠᠯᠳᠠ ᠦᠭᠡᠢ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠲᠣᠳᠣᠷᠬᠠᠶᠢᠯᠠᠨ ᠥᠭᠦᠯᠡᠵᠦ᠂ ᠭᠦᠨ ᠭᠦᠨᠵᠡᠭᠡᠢ ᠲᠡᠦᠬᠡ ᠶᠢᠨ ᠠᠵᠢᠭᠯᠠᠯᠲᠠ ᠶᠢᠨ ᠬᠦᠴᠦᠨ᠂ ᠴᠢᠬᠤᠯᠠ ᠤᠨᠤᠯ ᠤᠨ ᠬᠦᠳᠦᠯᠥᠨ ᠳᠠᠭᠠᠭᠤᠯᠬᠤ ᠬᠦᠴᠦᠨ᠂ ᠬᠦᠴᠦᠷᠬᠡᠭ ᠶᠡᠭᠡ ᠦᠢᠯᠡᠳᠦᠯᠭᠡ ᠶᠢᠨ ᠵᠢᠯᠣᠭᠤᠳᠬᠤ ᠬᠦᠴᠦᠨ ᠲᠠᠢ ᠶᠤᠮ᠂ ᠡᠨᠡ ᠪᠤᠯ ᠮᠠᠷᠺᠰ ᠤᠨ ᠦᠵᠡᠯ ᠤᠨ ᠦᠨᠡᠨ ᠶᠣᠰᠣᠨ ᠤ ᠬᠡᠷᠡᠯ ᠭᠢᠯᠪᠠᠭ᠎ᠠ ᠰᠠᠴᠤᠷᠠᠭᠰᠠᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠃ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠶ᠋ᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠣᠶᠢᠯᠠᠭᠠᠵᠤ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠨ ᠣᠷᠣᠨ ᠪᠠᠶᠢᠷᠢ ᠪᠠ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠨᠠᠮ ᠤᠨ ᠭᠤᠤᠯ ᠡᠭᠦᠷᠭᠡ ᠶᠢᠨ ᠲᠣᠭᠤᠷᠢᠨ ᠳᠤ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ ᠬᠡᠷᠡᠭᠲᠡᠶ᠃ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠬᠦ ᠳᠡᠭᠡᠷ᠎ᠡ ᠬᠦᠴᠦ ᠲᠠᠯᠪᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠴᠢᠳᠠᠮᠠᠭᠠᠢ ᠬᠢᠬᠦ ᠲᠠᠯ᠎ᠠ ᠪᠠᠷ ᠲᠠᠷᠢᠬᠢ ᠲᠣᠯᠣᠭᠠᠢ ᠪᠠᠨ ᠬᠥᠳᠡᠯᠭᠡᠵᠦ᠂ ᠨᠢᠭᠡᠳᠦᠮᠡᠯ ᠹᠷᠣᠨᠲ ᠤᠨ ᠪᠦᠯᠬᠦᠮᠳᠡᠯ᠂ ᠡᠷᠡᠯᠬᠡᠭᠯᠡᠨ ᠤᠷᠤᠭᠰᠢᠯᠠᠬᠤ᠂ ᠵᠠᠮ ᠨᠡᠭᠡᠭᠡᠬᠦ᠂ ᠬᠥᠭᠵᠢᠶᠡᠨᠲᠡᠢ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠴᠢᠨᠠᠭᠰᠢᠳᠠ ᠲᠡᠭᠦᠯᠳᠡᠷᠵᠢᠭᠦᠯᠵᠦ᠂ ᠪᠣᠳᠠᠲᠠᠢ ᠠᠴᠠ ᠡᠭᠦᠰᠴᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠲᠦᠭᠡᠯᠴᠢ ᠴᠢᠨᠠᠷᠲᠠᠢ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠨᠢᠭᠡᠳᠦᠮᠡᠯ ᠹᠷᠣᠨᠲ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠳᠡᠳ᠋ ᠮᠤᠵᠢ ᠶᠢᠨ ᠲᠡᠰ ᠤᠨ ᠬᠤᠳᠠ ᠶᠢᠨ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠤᠷᠤᠨ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ