ᠤᠷᠠᠳ ᠤᠨ ᠡᠮᠦᠨᠡᠲᠦ ᠬᠤᠰᠢᠭᠤ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/9
       ᠲᠦᠷᠦᠭᠦᠬᠡᠨ᠂ ᠤᠷᠠᠳ ᠤᠨ ᠡᠮᠦᠨᠡᠲᠦ ᠬᠤᠰᠢᠭᠤ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠠᠵᠢᠯ ᠤᠨ ᠡᠬᠢᠯᠡᠯᠲᠡ ᠶᠢᠨ ᠬᠤᠷᠠᠯ ᠬᠢᠪᠠ᠃       ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠶᠠᠨᠪᠢᠯᠢᠭ᠌᠂  ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠠᠵᠤ ᠠᠬᠤᠶᠢᠯᠠᠯ᠂ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ᠡᠩ ᠲᠡᠷᠢᠭᠦᠨ ᠳᠤ ︽2021—2025 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠤᠶᠠᠳᠤᠭᠠᠷ ᠪᠦᠯᠦᠭ ᠤᠨ ᠵᠢᠱᠢᠶ᠎ᠡ ᠦᠵᠡᠭᠦᠯᠬᠦ ᠰᠢᠶᠠᠨ ︵ᠬᠤᠲᠠ᠂ ᠲᠣᠭᠤᠷᠢᠭ︶ ᠢ ᠡᠭᠦᠳᠦᠨ ᠪᠠᠶᠢᠭᠤᠯᠬᠤ ᠨᠢᠭᠡᠴᠢ ᠶᠢ ᠨᠡᠶᠢᠲᠡᠯᠡᠬᠦ ᠲᠤᠬᠠᠶ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠯᠪᠠᠨ ᠲᠢᠩᠬᠢᠮ ᠤᠨ ᠮᠡᠳᠡᠭᠳᠡᠯ︾ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ︽ᠤᠷᠠᠳ ᠤᠨ ᠡᠮᠦᠨᠡᠲᠦ ᠬᠤᠰᠢᠭᠤᠨ ᠤ 2021—2025 ᠣᠨ ᠤ ᠬᠤᠶᠠᠳᠤᠭᠠᠷ ᠪᠦᠯᠦᠭ ᠪᠥᠬᠦ ᠤᠯᠤᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ᠢ ᠤᠩᠰᠢᠨ ᠨᠡᠶᠢᠲᠡᠯᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶ ᠠᠭᠤᠯᠤᠭᠳᠠᠬᠤᠨ ᠢ ᠭᠦᠢᠴᠡᠳ ᠲᠠᠨᠢᠵᠤ᠂ ᠡᠭᠦᠳᠦᠨ ᠪᠠᠶᠢᠭᠤᠯᠬᠤ ᠠᠵᠢᠯ ᠤᠨ ᠪᠣᠳᠠᠲᠤ ᠬᠡᠷᠡᠭᠴᠡᠭᠡ ᠶᠢ ᠣᠨᠣᠪᠴᠢᠲᠠᠶ ᠡᠵᠡᠮᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ ᠡᠭᠦᠳᠦᠨ ᠪᠠᠶᠢᠭᠤᠯᠬᠤ ᠠᠵᠢᠯ ᠤᠨ ᠨᠡᠶᠢᠭᠡᠮ ᠤᠨ ᠦᠷᠳᠡᠭ ᠢ ᠭᠦᠢᠴᠡᠳ ᠲᠠᠨᠢᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠨᠠᠷᠢᠯᠢᠭ ᠰᠠᠶᠢᠲᠤᠷ ᠠᠳᠬᠤᠵᠤ᠂ ᠥᠷᠭᠡᠨ ᠤᠯᠠᠨ ᠠᠷᠠᠳ ᠲᠦᠮᠡᠨ ᠤ ᠶᠡᠷᠦᠩᠬᠡᠶᠢᠯᠡᠭᠰᠡᠨ ᠬᠡᠪ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠡᠭᠦᠷᠭᠡ ᠭᠤᠤᠯᠳᠠᠯᠭ᠎ᠠ ᠪᠠᠨ ᠲᠣᠳᠣᠷᠬᠠᠶᠢᠯᠠᠵᠤ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠭᠦᠨᠵᠡᠭᠡᠶᠢᠷᠡᠭᠦᠯᠬᠦ ᠬᠡᠷᠡᠭᠲᠡᠶ᠃ ︽ᠦᠨᠳᠦᠰᠦ ᠪᠠᠨ ᠪᠠᠬᠢᠵᠢᠭᠦᠯᠦᠨ ᠰᠠᠭᠤᠷᠢ ᠶᠢ ᠴᠢᠩᠭᠠᠳᠬᠠᠵᠤ ᠬᠠᠲᠠᠭᠤ ᠲᠣᠨᠤᠭ ᠢ ᠠᠳᠬᠤᠬᠤ︾ ᠳᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠬᠤᠲᠠ ᠬᠥᠳᠡᠭᠡ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠭᠠᠵᠠᠷ ᠲᠠᠯᠠᠪᠤᠷ ᠪᠣᠯᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ᠃ ︽ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ︾ ᠵᠥᠭᠡᠯᠡᠨ ᠲᠣᠨᠤᠭ ᠢ ᠠᠳᠬᠤᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠰᠡᠳᠦᠪᠲᠦ ᠪᠤᠯᠤᠩ ᠢ ᠰᠦᠪᠡᠭᠴᠢᠯᠡᠨ ᠪᠠᠶᠢᠭᠤᠯᠵᠤ᠂ ︽ᠷᠠᠳᠢᠣ᠋ ᠲᠧᠯᠸᠢᠰ ᠫᠷᠤᠭ᠍ᠷᠠᠮ ᠲᠠᠢ᠂ ᠰᠦᠯᠵᠢᠶᠡᠨ ᠤ ᠵᠠᠭᠤᠴᠢᠯᠠᠭᠤᠷ ᠲᠠᠪᠴᠠᠩ ᠲᠠᠢ᠂ ᠭᠠᠷ ᠤᠲᠠᠰᠤᠨ ᠳᠡᠭᠡᠷ᠎ᠡ APP ᠲᠠᠢ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠵᠢᠯᠲᠠ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠨᠢᠭᠲᠠᠷᠠᠭᠤᠯᠬᠤ ᠬᠡᠷᠡᠭᠲᠡᠶ᠃ ᠰᠦᠯᠵᠢᠶᠡᠨ ᠭᠠᠳᠠᠨᠠᠬᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠯ᠎ᠡ ᠲᠥᠷᠥᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠪᠡᠯᠡ ᠮᠥᠩᠭᠦ ᠶᠢᠨ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠪᠣᠳᠠᠲᠤ ᠪᠠᠶᠢᠳᠠᠯ ᠢᠶᠠᠨ ᠦᠨᠳᠦᠰᠦᠯᠡᠨ ᠡᠯ᠎ᠡ ᠵᠦᠢᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠥᠷᠥᠯ ᠵᠦᠢᠯ᠂ ᠠᠵᠢᠯᠯᠠᠭ᠎ᠠ ᠵᠡᠷᠭᠡ ᠲᠤᠰᠬᠠᠶ ᠵᠦᠢᠯ ᠤᠨ ᠵᠠᠷᠤᠳᠠᠯ ᠲᠣᠬᠢᠷᠠᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠳᠤ ᠬᠦᠴᠦᠲᠡᠶ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠢᠯ ᠢ ᠤᠯᠤᠰ ᠤᠨ ᠶᠡᠷᠦᠩᠬᠡᠶᠢᠯᠡᠭᠰᠡᠨ ᠵᠠᠰᠠᠯᠲᠠ ᠳᠤ  ᠦᠢᠯᠡᠴᠢᠯᠡᠬᠦ᠂ ᠣᠯᠠᠨ ᠲᠦᠮᠡᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠤᠯᠤᠰ ᠲᠥᠷᠥ ᠶᠢᠨ ᠦᠨᠳᠦᠷᠴᠡ ᠠᠴᠠ ᠠᠳᠬᠤᠵᠤ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠪᠦᠲᠦᠮᠵᠢᠲᠡᠶ ᠶᠠᠪᠤᠭᠳᠠᠬᠤ ᠶᠢ ᠠᠬᠢᠭᠤᠯᠵᠤ᠂ ᠠᠴᠢ ᠲᠤᠰᠠ ᠨᠢ ᠠᠪᠤᠨ ᠳᠤᠤᠷ᠎ᠠ ᠪᠠᠨ ᠠᠮᠵᠢᠯᠲᠠ ᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠭᠦᠨᠵᠡᠭᠡᠶᠢᠷᠡᠭᠦᠯᠵᠦ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯᠯᠠᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠦᠬᠦ ᠬᠤᠰᠢᠭᠤᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ