ᠣᠷᠠᠳ ᠤᠨ ᠡᠮᠦᠨᠡᠲᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠴᠡᠷᠢᠭ ᠢ ᠬᠦᠴᠦᠷᠬᠡᠭᠵᠢᠭᠦᠯᠬᠦ ᠬᠦᠰᠡᠯ ᠢ ᠬᠠᠮᠲᠤ ᠪᠠᠷ ᠴᠣᠭᠴᠠᠯᠠᠶ᠎ᠠ ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/9
      ᠨᠠᠮ ᠤᠨ ᠭᠡᠰᠢᠭᠦᠨ ᠺᠠᠳ᠋ᠷᠴᠤᠳ ᠤᠨ ᠠᠷᠠᠳ ᠤᠨ ᠴᠡᠷᠢᠭ ᠠᠩᠭᠢ ᠶᠢ ᠬᠠᠶᠢᠷᠠᠯᠠᠬᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠪᠠᠭᠠᠲᠤᠷᠴᠤᠳ ᠢ ᠬᠦᠨᠳᠦᠳᠬᠡᠬᠦ᠂ ᠤᠯᠤᠰ ᠢ ᠪᠠᠲᠤᠯᠠᠨ ᠬᠠᠮᠠᠭᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠣᠶᠢᠷ᠎ᠠ ᠶᠢᠨ ᠡᠳᠦᠷ᠂  ᠣᠷᠠᠳ ᠤᠨ ᠡᠮᠦᠨᠡᠲᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠨᠠᠮ ᠤᠨ ᠡᠭᠦᠷ ᠠᠴᠠ ᠪᠥᠬᠦ ᠠᠯᠪᠠᠨ ᠬᠡᠷ ᠤᠨ ᠺᠠᠳ᠋ᠷᠴᠤᠳ ᠢ ᠵᠣᠬᠢᠶᠠᠨ ᠪᠠᠶᠢᠭᠤᠯᠵᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠴᠡᠷᠢᠭ ᠢ ᠬᠦᠴᠦᠷᠬᠡᠭᠵᠢᠭᠦᠯᠬᠦ ᠬᠦᠰᠡᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃     ᠪᠦᠬᠦ ᠨᠠᠮ ᠤᠨ ᠭᠡᠰᠢᠭᠦᠨ ᠺᠠᠳ᠋ᠷ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ᠳᠠᠷᠠᠭ᠎ᠠ ᠪᠠᠷ ᠨᠢ ᠠᠷᠠᠳ ᠤᠨ ᠴᠡᠷᠢᠭ ᠠᠩᠭᠢ ᠶᠢᠨ ᠬᠦᠴᠢᠷ ᠢ ᠢᠯᠡᠨ ᠳᠠᠪᠠᠵᠤ  ᠭᠡᠷᠡᠯ ᠰᠠᠴᠤᠷᠠᠩᠭᠤᠶ ᠠᠮᠵᠢᠯᠲᠠ ᠣᠯᠤᠭᠰᠠᠨ ᠭᠤᠣᠯ ᠰᠡᠳᠦᠪᠲᠣ ᠺᠢᠨᠤ᠋ ᠶᠢ ᠰᠣᠨᠢᠷᠬᠠᠪᠠ᠃      ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠨᠠᠮ ᠤᠨ ᠭᠡᠰᠢᠭᠦᠳ ᠲᠤ ᠨᠠᠮᠴᠢ ᠴᠢᠨᠠᠷ ᠤᠨ ᠬᠥᠮᠦᠵᠢᠯ ᠪᠠ ᠵᠣᠷᠢᠭ ᠰᠠᠨᠠᠭᠠᠨ ᠤ ᠬᠥᠮᠦᠵᠢᠯ ᠬᠦᠷᠲᠡᠭᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ  ᠪᠠᠷᠢᠮᠲᠠᠯᠠᠨ᠂  ᠨᠠᠩ ᠡᠷᠡᠰ ᠪᠠᠲᠤ ᠢᠲᠡᠭᠡᠯ ᠵᠣᠷᠢᠭ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ  ᠣᠭᠲᠣᠵᠣ  ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ