ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠡᠭᠡᠲᠣ ᠱᠠᠲᠤᠨ ᠤ ᠰᠢᠭᠦᠬᠦ ᠬᠤᠷᠢᠶᠠᠨ ᠤ ᠪᠠᠶᠢᠴᠠᠭᠠᠨ ᠰᠤᠳᠤᠯᠤᠯᠲᠠ ᠪᠠ ᠵᠢᠯᠣᠭᠤᠳᠤᠯᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2022/9/1
      8 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠲᠣ ᠵᠡᠷᠭᠡ ᠶᠢᠨ ᠰᠢᠭᠦᠬᠦ ᠬᠤᠷᠢᠶᠠᠨ ᠤ ᠨᠢᠭᠡᠳᠦᠭᠡᠷ ᠳᠡᠰ ᠤᠨ ᠳᠡᠭᠡᠳᠦ ᠵᠡᠷᠭᠡ ᠶᠢᠨ ᠰᠢᠭᠦᠭᠴᠢ ᠫᠠᠨ ᠶᠦᠩ ᠷᠦ ᠨᠠᠷ ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃      ᠪᠠᠶᠢᠴᠠᠭᠠᠨ ᠰᠤᠳᠤᠯᠤᠯᠲᠠ ᠳᠤ᠂ ᠫᠠᠨ ᠶᠦᠩ ᠷᠦ ᠨᠠᠷ ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠨ᠎ᠡ ᠪᠠᠷ ᠪᠠᠶᠢᠭᠤᠯᠤᠭᠰᠠᠨ ᠤᠳᠠᠯ ᠥᠬᠡᠶ ᠬᠡᠷᠡᠭᠯᠡᠬᠦ ᠭᠡᠵᠦ ᠪᠠᠶᠢᠭ᠎ᠠ ᠤᠯᠠᠭᠠᠨᠰᠤᠬᠠᠢ ᠶᠢᠨ ᠠᠷᠠᠳ ᠤᠨ ᠰᠢᠭᠦᠬᠦ ᠲᠢᠩᠬᠢᠮ ᠢ ᠲᠣᠭᠤᠷᠢᠨ ᠦᠵᠡᠵᠦ᠂ ᠰᠢᠭᠦᠬᠦ ᠲᠢᠩᠬᠢᠮ ᠤᠨ ᠬᠡᠷᠡᠭ ᠪᠣᠯᠭᠠᠨ ᠳᠠᠩᠰᠠᠯᠠᠬᠤ ᠲᠠᠯᠠᠪᠤᠷ᠂ ᠰᠢᠭᠦᠨ ᠲᠠᠰᠤᠯᠬᠤ  ᠲᠢᠩᠬᠢᠮ᠂ ᠠᠵᠢᠯᠯᠠᠬᠤ ᠣᠷᠣᠨ ᠵᠡᠷᠭᠡ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠭᠦᠬᠦ ᠲᠢᠩᠬᠢᠮ ᠤᠨ ᠴᠢᠳᠠᠮᠵᠢ ᠶᠢᠨ ᠣᠷᠣᠨ ᠤ ᠪᠠᠶᠢᠷᠢᠯᠠᠭᠤᠯᠤᠯᠲᠠ᠂ ᠬᠠᠷᠢᠶ᠎ᠠ ᠣᠷᠣᠨ ᠤ ᠠᠵᠤ ᠠᠬᠤᠶ ᠶᠢᠨ ᠬᠥᠮᠦᠨ ᠠᠮᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃      ᠫᠠᠨ ᠶᠦᠩ ᠷᠦ ᠨᠠᠷ ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠷᠡᠭ  ᠰᠢᠢᠳᠪᠦᠷᠢᠯᠡᠭᠰᠡᠨ ᠦᠷ᠎ᠡ ᠪᠦᠲᠦᠮᠵᠢ᠂ ᠵᠠᠷᠭᠤ ᠶᠢᠨ ᠢᠷᠡᠯᠲᠡ ᠶᠢ ᠵᠠᠰᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ  ᠬᠦᠢᠴᠡᠳ ᠨᠤᠲᠠᠯᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ