ᠰᠣᠶᠣᠯᠲᠤ ᠪᠤᠭᠤᠲᠤ ᠢᠷᠭᠠᠢ ᠶᠢᠨ ᠲᠦᠷᠭᠡᠨ ᠤ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/1
     8 ᠰᠠᠷ᠎ᠠ ᠶᠢᠨ 30 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠪᠤᠭᠤᠲᠤ ᠢᠷᠭᠠᠶ ᠶᠢᠨ ᠲᠦᠷᠭᠡᠨ ᠤ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠰᠣᠶᠣᠯᠲᠤ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠱᠢ ᠸᠠᠩ ᠴᠢᠩ ᠵᠡᠷᠭᠡ ᠣᠳᠣᠷᠢᠳᠣᠯᠭ᠎ᠠ ᠤᠷᠢᠳ ᠬᠤᠵᠢᠳ ᠪᠤᠭᠤᠲᠤ ᠢᠷᠭᠠᠢ ᠶᠢᠨ ᠲᠦᠷᠭᠡᠨ ᠤ ᠲᠡᠮᠦᠷ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠮᠤᠨᠠ ᠠᠭᠤᠯᠠ ᠪᠠᠯᠭᠠᠰᠤ ᠶᠢᠨ ᠬᠤᠶᠢᠲᠤ ᠲᠠᠯ᠎ᠠ ᠶᠢ ᠰᠤᠨᠳᠠᠯᠠᠭᠰᠠᠨ ᠰᠠᠯᠪᠤᠷᠢ ᠭᠤᠣᠯ ᠰᠤᠪᠠᠭ ᠤᠨ ᠣᠨᠴᠠ ᠶᠡᠭᠡ ᠬᠥᠭᠦᠷᠭᠡ᠂ ᠪᠠᠶᠠᠨᠬᠤᠸᠠ ᠪᠠᠯᠭᠠᠰᠤᠨ ᠤ ᠲᠠᠢ ᠡᠩᠭᠡᠷ ᠭᠠᠴᠠᠭᠠᠨ ᠤ  ᡁᠢ ᠯᠢᠶᠠᠩ ᠴᠠᠩ ᠵᠡᠷᠭᠡ ᠪᠠᠷᠢᠯᠭ᠎ᠠ ᠶᠢᠨ ᠬᠡᠰᠡᠭ ᠲᠤ ᠬᠦᠷᠴᠦ᠂ ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠪᠠ᠃

调研高铁建设.jpg

     ᠪᠠᠶᠢᠴᠠᠭᠠᠨ ᠰᠤᠳᠤᠯᠤᠯᠲᠠ ᠳᠤᠮᠳᠠ᠂ ᠰᠣᠶᠣᠯᠲᠤ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ

ᠪᠥᠲᠥᠭᠡᠨ ᠪᠠᠶᠢᠭᠤᠯᠤᠯᠲᠠ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ

ᠴᠠᠭ ᠲᠤᠬᠠᠶ ᠳᠤᠨᠢ  ᠰᠢᠢᠳᠪᠦᠷᠢᠯᠡᠵᠦ᠂ ᠲᠥᠷᠥᠯ  ᠵᠦᠢᠯ ᠢ ᠠᠬᠢᠭᠤᠯᠬᠤ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠨᠠᠷᠢᠨ ᠬᠢᠨᠠᠮᠠᠭᠠᠶ ᠡᠮᠬᠢᠯᠡᠨ

ᠰᠢᠭᠰᠢᠨ ᠪᠠᠶᠢᠴᠠᠭᠠᠵᠤ᠂ ᠨᠠᠷᠢᠨ ᠲᠠᠩᠰᠠ ᠭᠠᠷᠭᠠᠨ᠂ ᠰᠢᠢᠳᠪᠦᠷᠢᠯᠡᠬᠦ ᠠᠷᠭ᠎ᠠ ᠪᠣᠳᠣᠯᠭ᠎ᠠ ᠪᠣᠯᠤᠨ ᠰᠠᠨᠠᠭᠤᠯᠭ᠎ᠠ ᠳᠤᠷᠠᠳᠴᠤ᠂ ᠨᠢᠭᠡᠳ ᠨᠢᠭᠡ ᠪᠠᠷ ᠨᠠᠷᠢᠯᠢᠬᠵᠢᠭᠤᠯᠤᠨ

ᠵᠠᠳᠠᠯᠵᠤ᠂ ᠲᠥᠷᠥᠯ ᠵᠦᠢᠯ ᠢ ᠤᠷᠤᠭᠰᠢᠲᠠᠶ ᠠᠬᠢᠭᠤᠯᠬᠤ ᠳᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠵᠤ᠂ ᠲᠦᠷᠭᠡᠨ ᠤ ᠲᠡᠮᠦᠷ ᠵᠠᠮ ᠤᠨ ᠪᠥᠲᠥᠭᠡᠨ

ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠪᠡ᠃ ᠡᠯ᠎ᠡ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠠᠰᠤ ᠴᠢᠨᠠᠷ᠂ ᠣᠷᠴᠢᠨ

ᠲᠣᠭᠤᠷᠢᠨ ᠤ ᠬᠠᠮᠠᠭᠠᠯᠠᠯᠲᠠ ᠪᠣᠯᠤᠨ ᠠᠮᠤᠷ ᠲᠦᠪᠰᠢᠨ ᠢ ᠴᠢᠩᠭ᠎ᠠ ᠠᠳᠬᠤᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ

ᠰᠠᠶᠢᠲᠠᠶ ᠪᠡᠶᠡᠯᠡᠭᠦᠯᠵᠦ᠂ ᠰᠣᠳᠣᠨ ᠪᠠᠷᠢᠯᠭ᠎ᠠ ᠶᠢ ᠡᠭᠦᠳᠬᠦ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠᠷ

ᠵᠢᠯᠤᠭᠤᠳᠤᠯᠭ᠎ᠠ ᠪᠣᠯᠭᠠᠵᠤ᠂ ᠬᠤᠳᠠ ᠶᠢᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠥᠨᠳᠥᠷ ᠪᠠᠷᠢᠮᠵᠢᠶ᠎ᠠ ᠪᠠᠷ ᠵᠢᠷᠤᠭᠯᠠᠵᠤ᠂ ᠬᠤᠳᠠ ᠶᠢᠨ ᠵᠢᠷᠤᠭ

ᠲᠥᠯᠥᠪᠯᠡᠭᠡ ᠶᠢᠨ ᠣᠶᠢᠯᠠᠭᠠᠭᠳᠠᠬᠤᠨ ᠪᠣᠯᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠡᠶ᠎ᠡ ᠵᠣᠬᠢᠴᠠᠩᠭᠤᠢ ᠨᠢᠭᠡᠳᠦᠯ ᠢ

ᠠᠬᠢᠭᠤᠯᠬᠤ ᠬᠡᠷᠡᠭᠲᠡᠢ ᠬᠡᠵᠠᠢ᠃

调研高铁建设2.jpg

     ᠣᠶᠢᠯᠠᠭᠠᠭᠰᠠᠨ ᠢᠶᠠᠷ᠂ ᠪᠤᠭᠤᠲᠤ ᠢᠷᠭᠠᠶ ᠶᠢᠨ ᠲᠦᠷᠭᠡᠨ ᠤ ᠲᠡᠮᠦᠷ ᠵᠠᠮ ᠤᠨ ᠲᠥᠷᠥᠯ  ᠵᠦᠢᠯ ᠤᠨ ᠤᠷᠠᠳ ᠤᠨ ᠡᠮᠦᠨᠡᠲᠦ ᠬᠤᠰᠢᠭᠤᠨ ᠤ ᠪᠥᠬᠦ

ᠣᠷᠳᠣ ᠨᠢ ᠪᠠᠷᠤᠭ 112 ᠺᠢᠯᠣᠮᠧᠲᠷ ᠪᠠᠶᠢᠵᠤ᠂ ᠴᠠᠭ ᠤᠨ ᠬᠤᠷᠳᠤᠴᠠ ᠨᠢ 250 ᠺᠢᠯᠣᠮᠧᠲᠷ / ᠴᠠᠭ ᠪᠣᠯᠤᠨ᠎ᠠ᠃ ᠲᠥᠷᠥᠯ  ᠵᠦᠢᠯ ᠨᠢ ᠮᠤᠨᠠ ᠠᠭᠤᠯᠠ

ᠪᠠᠯᠭᠠᠰᠤ᠂ ᠪᠠᠶᠠᠨᠬᠤᠸᠠ ᠪᠠᠯᠭᠠᠰᠤ᠂  ᠰᠢ ᠰᠢᠶᠣᠣ ᠵᠣᠣ ᠪᠠᠯᠭᠠᠰᠤ ᠪᠣᠯᠤᠨ ᠰᠢᠶᠠᠨ ᠹᠧᠩ ᠪᠠᠯᠭᠠᠰᠤ ᠵᠡᠷᠭᠡ 4 ᠰᠤᠮᠤ ᠪᠠᠯᠭᠠᠰᠤ ᠳᠤ ᠬᠤᠯᠪᠣᠭᠳᠠᠨ᠎ᠠ᠃ ᠲᠥᠷᠥᠯ 

ᠵᠦᠢᠯ ᠨᠢ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ‌ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠬᠦᠴᠦᠲᠡᠶ

ᠲᠤᠯᠭᠠᠭᠤᠷᠢᠯᠠᠵᠤ᠂ ᠪᠥᠬᠦ ᠤᠯᠤᠰ ᠤᠨ ᠵᠡᠭᠦᠨ ᠪᠠᠷᠠᠭᠤᠨ ᠬᠡᠰᠡᠭ ᠤᠨ ᠰᠠᠭᠠᠳ ᠥᠬᠡᠶ ᠨᠡᠪᠲᠡᠷᠡᠬᠦ ᠪᠠ ᠡᠮᠦᠨᠡᠲᠦ ᠤᠮᠠᠷᠠᠲᠤ ᠶᠢᠨ ᠨᠡᠪᠲᠡᠷᠡᠯᠴᠡᠭᠡ ᠶᠢ ᠬᠦᠴᠦᠲᠡᠶ

ᠲᠤᠯᠭᠠᠭᠤᠷᠢᠯᠠᠵᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ

ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠪᠠ

ᠵᠠᠩᠭᠢᠯᠠᠭ᠎ᠠ ᠶᠢᠨ  ᠦᠢᠯᠡᠳᠦᠯ ᠲᠠᠢ ᠶᠤᠮ᠃

调研高铁建设3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ