ᠤᠷᠠᠳ ᠤᠨ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ ᠮᠧᠩ ᠨᠢᠤ ᠣᠲᠣ ᠦᠶ᠎ᠡ ᠶᠢᠨ ᠮᠠᠯ ᠠᠵᠤ ᠠᠬᠤᠶ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽  ᠨᠢᠯᠬ᠎ᠠ ᠨᠠᠬᠢᠶ᠎ᠠ ᠶᠢᠨ ᠠᠩᠭᠢ︾ ᠬᠢᠴᠢᠶᠡᠯ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/9/1
     ᠲᠦᠷᠦᠭᠦᠬᠡᠨ᠂ ᠤᠷᠠᠳ ᠤᠨ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ  ᠮᠧᠩ ᠨᠢᠤ ᠣᠲᠣ ᠦᠶ᠎ᠡ ᠶᠢᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽  ᠨᠢᠯᠬ᠎ᠠ ᠨᠠᠬᠢᠶ᠎ᠠ ᠶᠢᠨ ᠠᠩᠭᠢ︾ ᠬᠢᠴᠢᠶᠡᠯ ᠡᠬᠢᠯᠡᠬᠦ ᠶᠣᠰᠣᠯᠠᠯ ᠶᠠᠪᠤᠭᠳᠠᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠤ᠋ ᠴᠠᠩ ᠵᠢᠴᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ  ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂  ᠮᠧᠩ ᠨᠢᠤ ᠪᠦᠯᠦᠭᠯᠡᠯ᠂ ᠣᠲᠣ ᠦᠶ᠎ᠡ ᠶᠢᠨ ᠮᠠᠯ ᠠᠵᠤ ᠠᠬᠤᠶ ᠶᠢᠨ ᠪᠦᠯᠦᠭᠯᠡᠯ ᠪᠣᠯᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ 

青苗班1.jpg

     ᠰᠤ᠋ ᠴᠠᠩ ᠪᠠᠶᠠᠷ ᠤᠨ ᠦᠭᠡ ᠳᠡᠭᠡᠨ᠂ ︽ᠨᠢᠯᠬ᠎ᠠ ᠨᠠᠬᠢᠶ᠎ᠠ ᠶᠢᠨ ᠠᠩᠭᠢ︾ ᠪᠠᠶᠢᠭᠤᠯᠤᠭᠳᠠᠭᠰᠠᠨ ᠨᠢ ᠨᠢᠭᠡ ᠤᠳᠠᠭ᠎ᠠ ᠶᠢᠨ ᠬᠦᠴᠦᠷᠬᠡᠭ ᠨᠢ

ᠬᠦᠴᠦᠷᠬᠡᠭ ᠲᠠᠢ ᠪᠠᠨ ᠬᠤᠯᠪᠣᠭᠠᠯᠠᠬᠤ᠂ ᠨᠢᠭᠡ ᠤᠳᠠᠭ᠎ᠠ ᠶᠢᠨ ᠮᠠᠰᠢ ᠰᠠᠶᠢᠨ ᠰᠦᠪᠡᠭᠴᠢᠯᠡᠯᠳᠡ ᠪᠣᠯᠬᠤ ᠪᠥᠭᠡᠳ ᠪᠠᠰᠠ ᠴᠤ ᠰᠠᠶᠢᠨ ᠰᠠᠶᠢᠬᠠᠨ ᠡᠬᠢᠯᠡᠯᠲᠡ ᠪᠣᠯᠤᠨ᠎ᠠ᠃

ᠡᠭᠦᠨ ᠢᠶᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ︽

ᠳᠤᠮᠳᠠ ᠳᠡᠭᠡᠳᠦ ᠵᠡᠷᠭᠡ ᠶᠢᠨ ᠠᠵᠤ ᠠᠬᠤᠶᠢᠯᠠᠯ︾ ᠢ ᠨᠢᠭᠡ ᠴᠣᠭᠴᠠᠵᠢᠭᠤᠯᠤᠨ ᠨᠡᠪᠲᠡᠷᠡᠯᠴᠡᠭᠦᠯᠬᠦ ᠮᠠᠶ᠋ᠢᠭ ᠤᠨ ᠬᠥᠮᠦᠵᠢᠭᠦᠯᠬᠦ ᠵᠠᠭᠪᠤᠷ ᠢ ᠠᠬᠢᠭᠤᠯᠵᠤ᠂ ᠳᠤᠮᠳᠠ

ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠭᠡᠳ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠴᠢᠩ ᠦᠨᠡᠨᠴᠢ ᠬᠠᠮᠲᠤᠷᠠᠯᠴᠠᠭ᠎ᠠ ᠶᠢ ᠬᠠᠶᠢᠨ

ᠰᠦᠪᠡᠭᠴᠢᠯᠡᠵᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠠᠷᠭ᠎ᠠ ᠵᠠᠮ ᠢ ᠰᠦᠪᠡᠭᠴᠢᠯᠡᠨ ᠬᠥᠭᠵᠢᠭᠦᠯᠵᠦ᠂

ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠳᠤ ᠬᠠᠷᠢᠭᠤᠴᠠᠯᠭ᠎ᠠ ᠡᠭᠦᠷᠭᠡᠯᠡᠬᠦ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠠᠵᠢᠯ

ᠲᠥᠷᠥᠯ ᠤᠨ ᠠᠵᠤ ᠠᠬᠤᠶᠢᠯᠠᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠷᠢᠯᠳᠦᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃

青苗班2.jpg

     ᠣᠲᠣ ᠦᠶ᠎ᠡ ᠶᠢᠨ ᠮᠠᠯ ᠠᠵᠤ ᠠᠬᠤᠶ ᠶᠢᠨ ᠪᠦᠯᠦᠭᠯᠡᠯ ᠤᠨ ᠬᠠᠷᠢᠭᠤᠴᠠᠯᠭᠠᠲᠠᠨ ᠣᠯᠠᠨ ᠳᠤ ︽  ᠨᠢᠯᠬ᠎ᠠ ᠨᠠᠬᠢᠶ᠎ᠠ ᠶᠢᠨ ᠲᠥᠯᠥᠪᠯᠡᠭᠡ︾ ᠶᠢᠨ ᠠᠵᠤ

ᠠᠬᠤᠶᠢᠯᠠᠯ ᠤᠨ ᠴᠢᠳᠠᠪᠤᠷᠢᠲᠠᠨ ᠬᠥᠮᠦᠵᠢᠭᠦᠯᠬᠦ ᠲᠥᠰᠦᠯ ᠢ ᠲᠠᠶᠢᠯᠪᠤᠷᠢᠯᠠᠬᠤ ᠶᠢᠨ ᠬᠠᠮᠲᠤ᠂ ᠠᠵᠤ ᠠᠬᠤᠶᠢᠯᠠᠯ ᠤᠨ ᠲᠦᠢᠮᠣ ᠪᠠᠶᠢᠳᠠᠯ᠂ ᠬᠥᠭᠵᠢᠯᠲᠡ ᠶᠢᠨ

ᠥᠩᠭᠡᠷᠡᠯᠲᠡ᠂ ᠺᠣᠮᠫᠠᠨᠢ ᠶᠢᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠨ ᠴᠢᠳᠠᠪᠤᠷᠢᠲᠠᠨ ᠬᠥᠮᠦᠵᠢᠭᠦᠯᠬᠦ ᠠᠵᠢᠯ ᠤᠨ ᠪᠦᠬᠦᠯᠢ ᠴᠣᠭᠴᠠ ᠶᠢᠨ ᠰᠡᠳᠬᠢᠮᠵᠢ

ᠬᠢᠭᠡᠳ ᠱᠠᠲᠤ ᠦᠶ᠎ᠡ ᠶᠢᠨ ᠴᠢᠨᠠᠷᠲᠠᠶ ᠲᠥᠯᠥᠪᠯᠡᠭᠡ ᠵᠢᠴᠢ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠪᠣᠳᠠᠲᠠᠶ ᠲᠠᠨᠢᠯᠴᠠᠭᠤᠯᠵᠤ᠂ ᠰᠤᠷᠭᠠᠭᠤᠯᠢ ᠠᠵᠤ

ᠠᠬᠤᠶᠢᠯᠠᠯ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠬᠠᠮᠲᠤᠷᠠᠨ ᠬᠥᠮᠦᠵᠢᠭᠦᠯᠬᠦ᠂ ᠮᠡᠷᠭᠡᠵᠢᠯ ᠤᠨ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠵᠡᠷᠭᠡ ᠲᠠᠪᠴᠠᠩ

ᠪᠠᠶᠢᠭᠤᠯᠵᠤ᠂ ᠰᠤᠷᠭᠠᠭᠤᠯᠢ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠬᠥᠮᠦᠵᠢᠭᠦᠯᠬᠦ᠂ ᠮᠡᠷᠭᠡᠵᠢᠯ ᠤᠨ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ

ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠪᠡ᠃ 

     ᠣᠶᠢᠯᠠᠭᠠᠭᠰᠠᠨ ᠢᠶᠠᠷ᠂ ᠠᠩᠬᠠᠨ ᠤ ᠬᠤᠭᠤᠴᠠᠭᠠᠨ ᠤ ᠮᠧᠩ ᠨᠢᠦ ᠣᠲᠣ ᠦᠶ᠎ᠡ ᠶᠢᠨ ᠮᠠᠯ ᠠᠵᠤ ᠠᠬᠤᠶ ᠶᠢᠨ ᠨᠢᠯᠬ᠎ᠠ ᠨᠠᠬᠢᠶ᠎ᠠ ᠶᠢᠨ ᠠᠩᠭᠢ ᠨᠢ ᠤᠷᠠᠳ ᠤᠨ

ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ 2 ᠠᠩᠭᠢ ᠡᠷᠬᠢᠯᠡᠨ ᠨᠡᠶᠢᠲᠡ 103 ᠬᠦᠮᠦᠨ ᠲᠠᠢ

ᠪᠠᠶᠢᠵᠤ ᠂ ᠭᠤᠤᠯᠳᠠᠭᠤ ᠳᠡᠭᠡᠳᠦ ᠤᠷ᠎ᠠ ᠮᠡᠷᠭᠡᠵᠢᠯ ᠤᠨ ᠬᠡᠯᠪᠡᠷᠢ ᠶᠢᠨ ᠪᠠ ᠳᠤᠮᠳᠠ ᠳᠠᠪᠬᠤᠷᠭ᠎ᠠ ᠶᠢᠨ ᠬᠠᠮᠢᠶᠠᠷᠤᠯᠲᠠ ᠶᠢᠨ ᠬᠡᠯᠪᠡᠷᠢ ᠶᠢᠨ ᠴᠢᠳᠠᠪᠤᠷᠢᠲᠠᠨ ᠢ

ᠬᠥᠮᠦᠵᠢᠭᠦᠯᠬᠦ ᠪᠠᠷ ᠭᠤᠤᠯᠯᠠᠭᠤᠯᠤᠨ᠂ ᠮᠠᠯ ᠤᠨ ᠡᠮᠴᠢ᠂ ᠦᠷᠡᠵᠢᠭᠦᠯᠦᠨ ᠪᠤᠶᠢᠵᠢᠭᠤᠯᠬᠤ᠂ ᠰᠢᠮ᠎ᠡ ᠲᠡᠵᠢᠭᠡᠯ᠂ ᠮᠠᠰᠢᠨ ᠲᠥᠬᠦᠭᠡᠷᠦᠮᠵᠢ᠂ ᠠᠮᠤᠷ ᠲᠦᠪᠰᠢᠨ ᠣᠷᠴᠢᠨ

ᠲᠣᠭᠤᠷᠢᠨ ᠤ ᠬᠠᠮᠠᠭᠠᠯᠠᠯᠲᠠ᠂ ᠮᠠᠯᠵᠢᠯ ᠤᠨ ᠲᠠᠯᠠᠪᠠᠶ ᠶᠢᠨ ᠮᠡᠳᠡᠭᠡ ᠵᠠᠩᠭᠢ ᠵᠡᠷᠭᠡ ᠵᠢᠷᠭᠤᠭᠠᠨ ᠴᠢᠭᠯᠡᠯ ᠳᠠᠰᠢ ᠬᠡᠯᠪᠠᠶᠢᠭ᠍ᠰᠡᠨ ᠴᠢᠳᠠᠪᠤᠷᠢᠲᠠᠨ ᠢ ᠳᠣᠭᠢᠷᠠᠭᠤᠯᠤᠨ

ᠬᠦᠮᠦᠵᠢᠭᠦᠯᠬᠦ ᠪᠣᠯᠤᠨ᠎ᠠ᠃ 

    ᠣᠲᠣ ᠦᠶ᠎ᠡ ᠶᠢᠨ ᠮᠠᠯ ᠠᠵᠤ ᠠᠬᠤᠶ ᠶᠢᠨ ᠪᠦᠯᠦᠭᠯᠡᠯ ᠬᠢᠭᠡᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠷᠠᠳ ᠤᠨ ᠡᠮᠦᠨᠡᠲᠦ ᠬᠤᠰᠢᠭᠤᠨ ᠤ ᠠᠵᠢᠯ

ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠯᠤᠭ᠎ᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠳᠥᠷᠪᠡᠨ ᠲᠠᠯ᠎ᠠ ᠶᠢᠨ

ᠵᠥᠪᠯᠡᠯᠴᠡᠭᠡᠷ ᠲᠣᠭᠲᠠᠵᠤ᠂ ︽ᠰᠤᠷᠭᠠᠭᠤᠯᠢ ᠠᠵᠤ ᠠᠬᠤᠶᠢᠯᠠᠯ ᠨᠢᠭᠡ ᠴᠣᠭᠴᠠᠵᠢᠭᠰᠠᠨ᠂ ᠠᠵᠤ ᠦᠢᠯᠡᠳᠪᠦᠷᠢ ᠰᠤᠷᠭᠠᠭᠤᠯᠢ ᠤᠶᠠᠯᠳᠤᠭᠰᠠᠨ᠂ ᠣᠯᠠᠨ ᠡᠰᠢᠵᠢᠭᠰᠡᠨ

ᠬᠥᠭᠵᠢᠯᠲᠡ︾ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ︽ᠰᠤᠷᠭᠠᠭᠤᠯᠢ ᠠᠵᠤ ᠠᠬᠤᠶᠢᠯᠠᠯ

ᠬᠠᠮᠵᠢᠯᠴᠠᠭᠰᠠᠨ᠂ ᠳᠤᠮᠳᠠ ᠳᠡᠭᠡᠳᠦ ᠵᠡᠷᠭᠡ ᠶᠢᠨ ᠰᠤᠷᠭᠠᠭᠤᠯᠢ ᠨᠢᠭᠡ ᠴᠣᠭᠴᠠᠵᠢᠭᠰᠠᠨ᠂ ᠬᠥᠮᠦᠵᠢᠭᠦᠯᠦᠨ ᠬᠡᠷᠡᠭᠯᠡᠬᠦ ᠶᠢ ᠨᠡᠪᠲᠡᠷᠡᠯᠴᠡᠭᠦᠯᠦᠭᠰᠡᠨ︾ ᠳᠤᠮᠳᠠ ᠳᠡᠭᠡᠳᠦ

ᠵᠡᠷᠭᠡ ᠶᠢᠨ ᠠᠵᠤ ᠠᠬᠤᠶᠢᠯᠠᠯ ᠪᠠ ᠠᠵᠤ ᠠᠬᠤᠶᠢᠯᠠᠯ ᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠰᠢᠨ᠎ᠡ ᠵᠠᠭᠪᠤᠷ ᠢ ᠪᠥᠬᠦ ᠬᠦᠴᠦᠨ ᠢᠶᠠᠷ ᠢᠶᠠᠨ

ᠪᠣᠶ ᠪᠣᠯᠭᠠᠨ᠎ᠠ᠃ 

青苗班3.jpg

     ᠣᠲᠣ ᠦᠶ᠎ᠡ ᠶᠢᠨ ᠮᠠᠯ ᠠᠵᠤ ᠠᠬᠤᠶ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠨᠢ ᠤᠷᠠᠳ ᠤᠨ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠ

ᠵᠡᠷᠭᠡ ᠶᠢᠨ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠣᠲᠣ ᠦᠶ᠎ᠡ ᠶᠢᠨ ᠮᠠᠯ ᠠᠵᠤ ᠠᠬᠤᠶ ᠶᠢᠨ ᠪᠡᠯᠡᠳᠬᠡᠯ ᠠᠩᠭᠢ︾ ᠪᠠᠶᠢᠭᠤᠯᠵᠤ᠂ ᠰᠤᠷᠤᠭᠴᠢᠳ

ᠲᠡᠭᠦᠰᠦᠭᠰᠡᠨ ᠤ ᠳᠠᠷᠠᠭ᠎ᠠ ᠲᠤᠰᠠᠭᠠᠷ ᠡᠯᠰᠡᠬᠦ ᠰᠢᠯᠭᠠᠯᠲᠠ ᠳᠤ ᠣᠷᠣᠯᠴᠠᠵᠤ᠂ ᠰᠣᠷᠣᠭᠴᠢ ᠡᠯᠰᠡᠬᠦ ᠪᠠᠷᠢᠮᠵᠢᠶ᠎ᠠ ᠳᠤ ᠭᠦᠷᠪᠡᠯ ᠥᠪᠥᠷ ᠮᠣᠩᠭᠤᠯ ᠤᠨ ᠲᠠᠷᠢᠶᠠᠯᠠᠩ ᠤᠨ

ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠤᠶᠤ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠳᠤ ᠦᠷᠭᠦᠯᠵᠢᠯᠡᠨ ᠰᠤᠷᠤᠯᠴᠠᠵᠤ ᠪᠣᠯᠤᠨ᠎ᠠ ᠃ ᠰᠣᠷᠣᠭᠴᠢ ᠡᠯᠰᠡᠬᠦ ᠪᠠᠷᠢᠮᠵᠢᠶ᠎ᠠ ᠳᠤ ᠭᠦᠷᠦᠭᠰᠡᠨ ᠥᠬᠡᠶ ᠪᠣᠯ ᠣᠲᠣ ᠦᠶ᠎ᠡ ᠶᠢᠨ ᠮᠠᠯ ᠠᠵᠤ ᠠᠬᠤᠶ ︵

ᠪᠦᠯᠦᠭᠯᠡᠯ︶ ᠶᠢᠨ ᠬᠢᠵᠠᠭᠠᠷᠲᠤ ᠺᠣᠮᠫᠠᠨᠢ ᠠᠴᠠ ᠠᠵᠤ ᠠᠬᠤᠶᠢᠯᠠᠯ ᠤᠨ ᠵᠣᠬᠢᠴᠠᠩᠭᠤᠶ ᠠᠵᠢᠯ ᠤᠨ ᠪᠠᠶᠢᠷᠢ ᠳᠤ ᠲᠣᠬᠢᠷᠠᠭᠤᠯᠤᠨ ᠠᠵᠢᠯ ᠣᠯᠭᠤᠨ᠎ᠠ᠃ ᠰᠤᠷᠭᠠᠭᠤᠯᠢ ᠪᠠ

ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠬᠡᠦᠬᠡᠳ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ

ᠳᠡᠭᠡᠭᠰᠢᠯᠡᠭᠦᠯᠬᠦ ᠶᠢᠨ ᠬᠠᠮᠲᠤ ᠠᠵᠤ ᠠᠬᠤᠶᠢᠯᠠᠯ ᠳᠤ ᠰᠢᠨ᠎ᠡ ᠰᠣᠷᠭᠤᠭ ᠬᠦᠴᠦᠨ ᠨᠡᠮᠡᠷᠢᠯᠡᠵᠦ᠂ ᠵᠠᠯᠠᠭᠤᠵᠢᠭᠰᠠᠨ ᠡᠩᠨᠡᠭᠡ ᠶᠢ ᠪᠠᠶᠢᠭᠤᠯᠤᠨ᠎ᠠ᠃  ᠡᠨᠡ ᠨᠢ ᠠᠵᠤ

ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠵᠠᠩᠭᠢᠯᠠᠭ᠎ᠠ ᠶᠢᠨ ᠴᠢᠳᠠᠪᠤᠷᠢᠲᠠᠨ ᠤ ᠳᠤᠲᠠᠭᠤᠳᠠᠯ ᠢ ᠨᠥᠬᠦᠪᠥᠷᠢᠯᠡᠨ᠂ ᠣᠯᠠᠨ ᠲᠠᠯ᠎ᠠ ᠪᠠᠷ ᠬᠠᠮᠲᠤ ᠪᠠᠷ

ᠠᠰᠢᠭ ᠭᠥᠷᠳᠡᠬᠦ ᠶᠢ ᠪᠡᠶᠡᠯᠡᠭᠦᠯᠬᠦ ᠪᠣᠯᠤᠨ᠎ᠠ

青苗班4.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ