ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠪᠥᠬᠦ ᠬᠤᠲᠠ ᠶᠢᠨ ᠨᠡᠶᠢᠲᠡ 210 ᠲᠥᠷᠥᠯ ᠵᠦᠢᠯ ᠳᠤ ᠤᠷᠠᠳ ᠤᠨ ᠡᠮᠦᠨᠡᠲᠦ ᠬᠤᠰᠢᠭᠤᠨ ᠤ 30 ᠲᠥᠷᠥᠯ ᠵᠦᠢᠯ ᠪᠣᠢ ︕ ᠪᠡᠯᠡ ᠣᠷᠣᠭᠤᠯᠤᠯᠲᠠ ᠶᠢᠨ ᠪᠦᠬᠦ ᠲᠤᠭ᠎ᠠ 10.35 ᠳ᠋ᠦᠩᠰᠢᠭᠤᠷ ᠲᠥᠭᠦᠷᠢᠭ
ᠨᠡᠶᠢᠲᠡᠯᠡᠭᠰᠡᠨ ᠴᠠᠭ᠄
2022/9/1
      2022 ᠣᠨ ᠤ 1 —7 ᠰᠠᠷ᠎ᠠ ᠳᠤ ᠪᠥᠬᠦ ᠬᠤᠲᠠ ᠶᠢᠨ ᠤᠯᠤᠰ ᠤᠨ ᠳᠣᠲᠣᠭᠠᠳᠤ ᠶᠢᠨ ᠪᠠᠯᠠ ᠮᠥᠩᠭᠦ ᠶᠢ ᠣᠷᠣᠭᠤᠯᠤᠨ ᠠᠪᠴᠢᠷᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃      ᠨᠢᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠃ 1 —7 ᠰᠠᠷ᠎ᠠ ᠳᠤ᠂ ᠪᠥᠬᠦ ᠬᠤᠲᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 210 ᠲᠥᠷᠥᠯ ᠵᠦᠢᠯ ︵ᠦᠷᠭᠦᠯᠵᠢᠯᠡᠨ ᠪᠠᠶᠢᠭᠤᠯᠬᠤ ᠲᠥᠷᠥᠯ ᠵᠦᠢᠯ ᠪᠠᠭᠲᠠᠨ᠎ᠠ ︶ ᠢ ᠬᠡᠷᠡᠭᠵᠢᠭᠦᠯᠵᠦ᠂ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 985 . 28 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠳᠣᠲᠣᠭᠠᠳᠤ ᠶᠢᠨ ᠪᠣᠳᠠᠲᠠᠶ ᠪᠠᠯᠠ ᠮᠥᠩᠭᠦ ᠶᠢ 86 . 84 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 12 . 36 % ᠪᠠᠷ ᠨᠡᠮᠡᠭᠳᠡᠵᠦ᠂ ᠵᠢᠯ ᠤᠨ ᠲᠥᠯᠥᠪᠯᠡᠭᠡ ᠶᠢᠨ 49.34 % ᠶᠢ ᠪᠡᠶᠡᠯᠡᠭᠦᠯᠪᠡ᠃ ᠡᠭᠦᠨ ᠳᠤ᠄ ᠤᠯᠤᠰ ᠤᠨ ᠳᠣᠲᠣᠭᠠᠳᠤ ︵ᠣᠷᠣᠨ ᠤ ᠭᠠᠳᠠᠨ᠎ᠠ︶ ᠶᠢᠨ ᠲᠥᠷᠥᠯ  ᠵᠦᠢᠯ 85 ᠪᠠᠶᠢᠵᠤ᠂ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ 798.85 ᠳ᠋ᠦᠩᠰᠢᠭᠤᠷ ᠲᠥᠭᠦᠷᠢᠭ ᠲᠤ ᠬᠦᠷᠴᠦ᠂ 52.24 ᠳ᠋ᠦᠩᠰᠢᠭᠤᠷ ᠲᠥᠭᠦᠷᠢᠭ ᠤᠨ ᠪᠣᠳᠠᠲᠠᠶ ᠪᠠᠯᠠ ᠮᠥᠩᠭᠦ ᠶᠢ ᠣᠷᠣᠭᠤᠯᠤᠨ ᠠᠪᠴᠢᠷᠠᠵᠠᠶ︔ ᠣᠷᠣᠨ ᠤ ᠳᠣᠲᠣᠷᠠᠬᠢ ︵ᠬᠤᠲᠠ ᠶᠢᠨ ᠭᠠᠳᠠᠨᠠᠬᠢ︶ ᠲᠥᠷᠦᠯ ᠵᠦᠢᠯ 125 ᠵᠦᠢᠯ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ 216.43 ᠳ᠋ᠦᠩᠰᠢᠭᠤᠷ ᠲᠥᠭᠦᠷᠢᠭ᠂ ᠣᠷᠣᠭᠤᠯᠤᠨ ᠠᠪᠴᠢᠷᠠᠭᠰᠠᠨ ᠪᠡᠯᠡ ᠮᠥᠩᠭᠦ 34.6 ᠳ᠋ᠦᠩᠰᠢᠭᠤᠷ ᠲᠥᠭᠦᠷᠢᠭ᠃     1 —7 ᠰᠠᠷ᠎ᠠ ᠳᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠰᠢᠨ᠎ᠡ ᠪᠠᠷ ᠣᠷᠣᠭᠤᠯᠤᠭᠰᠠᠨ ᠨᠢᠭᠡᠳᠦᠯᠲᠡᠶ ᠲᠥᠷᠥᠯ  ᠵᠦᠢᠯ 109 ᠪᠠᠶᠢᠵᠤ᠂ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 262 .46 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠳᠣᠲᠣᠭᠠᠳᠤ ᠶᠢᠨ 41.89 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠠᠶ᠃     ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠠᠴᠠ ᠦᠵᠡᠪᠡᠯ᠄ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠬᠡᠷᠡᠭᠵᠢᠭᠦᠯᠬᠦ ᠲᠥᠷᠥᠯ ᠵᠦᠢᠯ 44 ᠪᠠᠶᠢᠵᠤ᠂ 13.14 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ 15.13 % ᠶᠢ ᠡᠵᠡᠯᠡᠪᠡ︔ ᠠᠭᠤᠷᠬᠠᠶ ᠮᠠᠯᠲᠠᠬᠤ  ᠦᠢᠯᠡᠰ ᠤᠨ 12 ᠲᠥᠷᠥᠯ  ᠵᠦᠢᠯ ᠢ ᠬᠡᠷᠡᠭᠵᠢᠭᠦᠯᠵᠦ᠂ 12.28 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠣᠳᠠᠲᠠᠶ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ 14 . 14 % ᠶᠢ ᠡᠵᠡᠯᠡᠪᠡ︔  ᠦᠢᠯᠡᠳᠬᠦ  ᠦᠢᠯᠡᠰ ᠤᠨ ᠬᠡᠷᠡᠭᠵᠢᠭᠦᠯᠬᠦ ᠲᠥᠷᠥᠯ ᠵᠦᠢᠯ 40 ᠪᠠᠶᠢᠵᠤ᠂ 18.79 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠣᠳᠠᠲᠠᠶ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 21.64 % ᠶᠢ ᠡᠵᠡᠯᠡᠪᠡ︔ ᠴᠠᠬᠢᠯᠭᠠᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠬᠠᠩᠭᠠᠯᠭ᠎ᠠ ᠶᠢᠨ 53 ᠲᠥᠷᠥᠯ  ᠵᠦᠢᠯ ᠳᠤ 18 . 47 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 21.27 % ᠶᠢ ᠡᠵᠡᠯᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠪᠠᠷᠢᠯᠭ᠎ᠠ ᠶᠢᠨ  ᠦᠢᠯᠡᠰ ᠤᠨ ᠬᠡᠷᠡᠭᠵᠢᠭᠦᠯᠬᠦ ᠲᠥᠷᠥᠯ  ᠵᠦᠢᠯ 44 ᠪᠠᠶᠢᠵᠤ᠂ 18.08 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 20.82 % ᠢ ᠡᠵᠡᠯᠡᠪᠡ︔ ᠪᠤᠰᠤᠳ 17 ᠲᠥᠷᠥᠯ  ᠵᠦᠢᠯ ᠢ ᠬᠡᠷᠡᠭᠵᠢᠭᠦᠯᠵᠦ᠂ ᠨᠠᠶᠢᠳᠠᠪᠤᠷᠢᠵᠢᠭᠤᠯᠤᠭᠰᠠᠨ ᠪᠠᠯᠠ ᠮᠥᠩᠭᠦ 6 . 08 ᠳ᠋ᠦᠩᠰᠢᠭᠤᠷ ᠲᠥᠭᠦᠷᠢᠭ ᠲᠤ ᠬᠦᠷᠴᠦ᠂ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠶᠢᠨ ᠶᠡᠷᠦᠩᠬᠡᠶ ᠲᠣᠭᠠᠨ ᠤ 7 % ᠶᠢ ᠡᠵᠡᠯᠡᠪᠡ᠃     ᠪᠡᠯᠡ ᠣᠷᠣᠭᠤᠯᠤᠯᠲᠠ ᠶᠢᠨ ᠭᠠᠵᠠᠷ ᠣᠷᠣᠨ ᠤ ᠲᠠᠷᠬᠠᠯᠲᠠ ᠠᠴᠠ ᠦᠵᠡᠪᠡᠯ᠄ ᠣᠷᠣᠨ ᠤ ᠭᠠᠳᠠᠨᠠᠬᠢ᠄ ᠮᠠᠨ ᠤ ᠬᠤᠲᠠ ᠭᠤᠣᠯᠳᠠᠭᠤ ᠪᠡᠭᠡᠵᠢᠩ᠂ ᠱᠠᠨᠰᠢ᠂ ᠲᠢᠶᠠᠨᠵᠢᠨ ᠵᠡᠷᠭᠡ ᠭᠠᠵᠠᠷ ᠤᠨ ᠪᠡᠯᠡ ᠣᠷᠣᠭᠤᠯᠤᠯᠲᠠ ᠶᠢ ᠣᠷᠣᠭᠤᠯᠵᠤ ᠢᠷᠡᠨ᠂ ᠪᠣᠳᠠᠲᠠᠶᠢᠵᠢᠭᠤᠯᠤᠭᠰᠠᠨ ᠪᠡᠯᠡ ᠮᠥᠩᠭᠦ ᠲᠤᠰ ᠲᠤᠰ 12.13 ᠳ᠋ᠦᠩᠰᠢᠭᠤᠷ ᠲᠥᠭᠦᠷᠢᠭ᠂ 7 . 81ᠳ᠋ᠦᠩᠰᠢᠭᠤᠷ ᠲᠥᠭᠦᠷᠢᠭ᠂ 7 . 44 ᠳ᠋ᠦᠩᠰᠢᠭᠤᠷ ᠲᠥᠭᠦᠷᠢᠭ ᠪᠠᠶᠢᠵᠤ᠂ ᠲᠤᠰ ᠲᠤᠰ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠶ ᠲᠤᠭ᠎ᠠ ᠶᠢᠨ 23 . 22 %᠂ 14 . 95 %᠂ 14 . 24 % ᠶᠢ ᠡᠵᠡᠯᠡᠪᠡ︔ ᠣᠷᠣᠨ ᠤ ᠳᠣᠲᠣᠷ᠎ᠠ᠄ ᠭᠤᠣᠯᠳᠠᠭᠤ ᠬᠥᠬᠡᠬᠤᠲᠠ᠂ ᠣᠷᠳᠣᠰ᠂ ᠪᠤᠭᠤᠲᠤ ᠵᠡᠷᠭᠡ ᠭᠠᠵᠠᠷ ᠤᠨ ᠪᠡᠯᠡ ᠣᠷᠣᠭᠤᠯᠤᠯᠲᠠ ᠶᠢ ᠣᠷᠣᠭᠤᠯᠵᠤ ᠢᠷᠡᠨ᠂ ᠪᠣᠳᠠᠲᠠᠶᠢᠵᠢᠭᠤᠯᠤᠭᠰᠠᠨ ᠪᠡᠯᠡ ᠮᠥᠩᠭᠦ ᠲᠤᠰ ᠲᠤᠰ 17 . 82 ᠳ᠋ᠦᠩᠰᠢᠭᠤᠷ ᠲᠥᠭᠦᠷᠢᠭ᠂ 5 . 49 ᠳ᠋ᠦᠩᠰᠢᠭᠤᠷ ᠲᠥᠭᠦᠷᠢᠭ᠂ 4 . 07 ᠳ᠋ᠦᠩᠰᠢᠭᠤᠷ ᠲᠥᠭᠦᠷᠢᠭ ᠪᠠᠶᠢᠵᠤ᠂ ᠣᠷᠣᠨ ᠤ ᠳᠣᠲᠣᠷᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠶ ᠲᠤᠭ᠎ᠠ ᠶᠢᠨ 51 . 5 %᠂ 15 . 87 %᠂ 11 . 76 % ᠶᠢ ᠲᠤᠰ ᠲᠤᠰ ᠡᠵᠡᠯᠡᠨ᠎ᠡ᠃     ᠬᠤᠶᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ᠃      1 —7 ᠰᠠᠷ᠎ᠠ ᠳᠤ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠪᠠᠷ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢ ᠯᠢᠨ ᠾᠧ ᠲᠣᠭᠤᠷᠢᠭ᠂ ᠤᠷᠠᠳ ᠤᠨ ᠬᠤᠶᠢᠲᠤ ᠬᠤᠰᠢᠭᠤ ᠪᠣᠯᠤᠨ ᠦᠶᠤᠸᠠᠨ ᠰᠢᠶᠠᠨ ᠪᠣᠯᠤᠨ᠎ᠠ᠂ ᠲᠣᠰ ᠲᠣᠰ 20.53 ᠳ᠋ᠦᠩᠰᠢᠭᠤᠷ ᠲᠥᠭᠦᠷᠢᠭ᠂ 29.36 ᠳ᠋ᠦᠩᠰᠢᠭᠤᠷ ᠲᠥᠭᠦᠷᠢᠭ᠂ 5.7 ᠳ᠋ᠦᠩᠰᠢᠭᠤᠷ ᠲᠥᠭᠦᠷᠢᠭ ᠢ ᠣᠷᠣᠭᠤᠯᠤᠨ ᠠᠪᠴᠢᠷᠠᠵᠤ᠂ ᠪᠥᠬᠦ ᠵᠢᠯ ᠤᠨ ᠬᠠᠷᠠᠯᠲᠠ ᠡᠭᠦᠷᠭᠡ ᠶᠢᠨ 70 . 79 %᠂ 62 . 47 %᠂ 56 . 99 % ᠶᠢ ᠪᠡᠶᠡᠯᠡᠭᠦᠯᠪᠡ︔ ᠤᠷᠠᠳ ᠤᠨ ᠡᠮᠦᠨᠡᠲᠦ ᠬᠤᠰᠢᠭᠤ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠤᠷᠠᠳ ᠤᠨ ᠳᠤᠮᠳᠠᠳᠤ ᠬᠤᠰᠢᠭᠤ ᠲᠣᠰ ᠲᠣᠰ 10.35 ᠳ᠋ᠦᠩᠰᠢᠭᠤᠷ ᠲᠥᠭᠦᠷᠢᠭ᠂ 3.71 ᠳ᠋ᠦᠩᠰᠢᠭᠤᠷ ᠲᠥᠭᠦᠷᠢᠭ᠂ 4.76 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠤᠨ ᠠᠪᠴᠢᠷᠠᠵᠤ᠂ ᠵᠥᠪᠬᠡᠨ ᠪᠥᠬᠦ ᠵᠢᠯ ᠤᠨ ᠬᠠᠷᠠᠯᠲᠠ ᠡᠭᠦᠷᠭᠡ ᠶᠢᠨ 39 . 79 %᠂ 26 . 5 %᠂ 19 . 84 % ᠶᠢ ᠪᠡᠶᠡᠯᠡᠭᠦᠯᠵᠦ᠂ ᠬᠤᠶᠢᠨᠠᠬᠢ ᠭᠤᠷᠪᠠ ᠳᠤ ᠵᠢᠭᠰᠠᠭᠠᠭᠳᠠᠪᠠ᠃ 7 ᠰᠠᠷ᠎ᠠ ᠶᠢᠨ ᠰᠡᠭᠦᠯᠴᠢ ᠪᠣᠯᠲᠠᠯ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠭᠠᠳᠠᠭᠰᠢ ᠭᠠᠷᠴᠤ ᠪᠦᠯᠬᠦᠮ ᠳᠠᠭᠠᠭᠤᠯᠤᠨ 21 ᠤᠳᠠᠭ᠎ᠠ ᠠᠷᠠᠯᠵᠢᠶᠠᠴᠢᠨ ᠤᠷᠢᠵᠤ᠂ ︵ᠯᠢᠨ ᠾᠧ ᠲᠣᠭᠤᠷᠢᠭ 3 ᠤᠳᠠᠭ᠎ᠠ᠂ ᠤᠷᠠᠳ ᠤᠨ ᠡᠮᠦᠨᠡᠲᠦ ᠬᠤᠰᠢᠭᠤ 2 ᠤᠳᠠᠭ᠎ᠠ᠂ ᠤᠷᠠᠳ ᠤᠨ ᠳᠤᠮᠳᠠᠳᠤ ᠬᠤᠰᠢᠭᠤ 3 ᠤᠳᠠᠭ᠎ᠠ᠂ ᠤᠷᠠᠳ ᠤᠨ ᠬᠤᠶᠢᠲᠤ ᠬᠤᠰᠢᠭᠤ 3 ᠤᠳᠠᠭ᠎ᠠ᠂ ᠬᠠᠩᠭᠢᠨ ᠬᠤᠶᠢᠲᠤ ᠬᠤᠰᠢᠭᠤ 1 ᠤᠳᠠᠭ᠎ᠠ᠂ ᠦᠶᠤᠸᠠᠨ ᠰᠢᠶᠠᠨ 1 ᠤᠳᠠᠭ᠎ᠠ᠂ ᠳ᠋ᠤᠩᠺᠸᠤ ᠰᠢᠶᠠᠨ 4 ᠤᠳᠠᠭ᠎ᠠ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 4 ᠤᠳᠠᠭ᠎ᠠ︶᠃

招商引资.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ