ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/14
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠠ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠪᠠᠷ ᠪᠠᠶᠢᠭ᠎ᠠ ᠪᠢᠴᠢᠭ ᠮᠠᠲ᠋ᠧᠷᠢᠶᠠᠯ ᠢ ᠰᠤᠳᠤᠯᠵᠤ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ︾ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠪᠡ      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ          ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 9 ᠰᠠᠷ᠎ᠠ ᠶᠢᠨ 9 ᠤ ᠡᠳᠦᠷ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠠ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠪᠠᠷ ᠪᠠᠶᠢᠭ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠬᠢᠬᠦ ᠢᠯᠡᠳᠭᠡᠯ ᠤᠨ ᠨᠤᠤᠷᠠᠭ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠤᠨ ᠨᠤᠤᠷᠠᠭ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠬᠢᠬᠦ ᠠᠵᠢᠯ ᠤᠨ ᠮᠡᠳᠡᠭᠦᠯᠦᠯᠲᠡ ᠶᠢᠨ ᠨᠤᠤᠷᠠᠭ ᠢ ᠰᠤᠳᠤᠯᠵᠤ᠂ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠥᠪ ᠤᠨ ᠨᠠᠶ᠋ᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠬᠢᠬᠦ ᠢᠯᠡᠳᠭᠡᠯ ᠤᠨ ᠨᠤᠤᠷᠠᠭ ᠤᠨ ᠲᠤᠬᠠᠢ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠤᠨ ᠲᠤᠬᠠᠢ ᠨᠠᠮ ᠤᠨ ᠳᠣᠲᠣᠭᠠᠳᠤ ᠶᠢᠨ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠬᠢᠬᠦ ᠠᠵᠢᠯ ᠤᠨ ᠮᠡᠳᠡᠭᠦᠯᠦᠯᠲᠡ ᠶᠢᠨ ᠨᠤᠤᠷᠠᠭ ᠤᠨ ᠲᠤᠬᠠᠢ ᠰᠠᠨᠠᠯ ᠬᠤᠷᠢᠶᠠᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠲᠣᠰ ᠤᠳᠠᠭ᠎ᠠ ᠶᠢᠨ ᠬᠤᠷᠠᠯ ᠤᠨ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠡᠨᠡ ᠭᠤᠷᠪᠠᠨ ᠪᠢᠴᠢᠭ ᠮᠠᠲ᠋ᠧᠷᠢᠶᠠᠯ ᠤᠨ ᠨᠤᠤᠷᠠᠭ ᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠪᠠᠷ ᠲᠣᠭᠲᠠᠪᠠ᠃       ᠬᠤᠷᠠᠯ ᠠᠴᠠ᠂ ᠲᠤᠰ ᠤᠳᠠᠭᠠᠨ ᠤ ᠰᠠᠨᠠᠯ ᠬᠤᠷᠢᠶᠠᠬᠤ ᠶᠠᠪᠤᠴᠠ ᠳᠤᠮᠳᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ᠂ ᠰᠢᠨ᠎ᠡ ᠪᠠᠷ ᠰᠣᠩᠭᠤᠵᠤ ᠭᠠᠷᠭᠠᠭᠰᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠤᠨ ᠨᠤᠤᠷᠠᠭ ᠪᠣᠯᠤᠨ ᠨᠠᠮ ᠤᠨ ᠲᠦᠷᠢᠮ ᠳᠤ ᠵᠠᠰᠠᠪᠤᠷᠢ ᠣᠷᠣᠭᠤᠯᠤᠭᠰᠠᠨ ᠲᠥᠰᠦᠯ ᠤᠨ ᠨᠤᠤᠷᠠᠭ ᠲᠤ ᠮᠠᠰᠢ ᠤᠯᠠᠨ ᠰᠠᠶᠢᠨ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠂ ᠠᠷᠠᠳᠴᠢᠯᠠᠯ ᠢ ᠪᠠᠳᠠᠷᠠᠭᠤᠯᠤᠨ᠂ ᠤᠯᠡᠠ ᠤ ᠤᠬᠠᠭᠠᠨ ᠢ ᠲᠥᠪᠯᠡᠷᠡᠭᠦᠯᠵᠤ᠂ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ ᠰᠢᠩᠭᠡᠭᠡᠨ ᠠᠪᠴᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠭᠰᠡᠨ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠨᠡᠶᠢᠴᠡᠭᠰᠡᠨ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠤᠨ ᠤᠯᠤᠰ ᠤᠨ ᠠᠵᠢᠯ ᠤᠨ ᠬᠠᠷᠠᠯᠲᠠ ᠡᠭᠦᠷᠭᠡ ᠳᠤ ᠵᠣᠬᠢᠴᠠᠬᠰᠠᠨ ᠶᠡᠭᠡ ᠬᠤᠷᠠᠯ ᠤᠨ ᠢᠯᠡᠳᠭᠡᠯ ᠢ ᠴᠢᠷᠮᠠᠶᠢᠨ ᠲᠤᠭᠤᠷᠪᠢᠵᠤ᠂ ᠨᠠᠮ ᠤᠨ ᠣᠨᠣᠯ ᠪᠠ ᠦᠶ᠋ᠯᠡᠳᠦᠯᠭᠡ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠵᠤᠬᠢᠴᠠᠬᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠠᠬᠢᠭᠤᠯᠬᠤ ᠰᠢᠨ᠎ᠡ ᠠᠭᠤᠤ ᠶᠡᠭᠡ ᠢᠨᠵᠧᠨᠧᠷᠢᠩ ᠤᠨ ᠱᠠᠭᠠᠷᠳᠠᠬᠤ ᠨᠠᠮ ᠤᠨ ᠲᠦᠷᠢᠮ ᠳᠤ ᠵᠠᠰᠠᠪᠤᠷᠢ ᠣᠷᠣᠭᠤᠯᠤᠭᠰᠠᠨ ᠲᠥᠰᠦᠯ ᠢ ᠲᠤᠬᠳᠠᠭᠠᠬᠤ ᠬᠡᠷᠡᠭᠲᠡᠢ ᠭᠡᠵᠦ ᠦᠵᠡᠪᠡ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠬᠤ ᠨᠢᠭᠡᠨ ᠤᠳᠠᠭᠠᠨ ᠤ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠲᠠᠶᠢᠴᠢᠯᠠᠵᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠳᠣᠬᠠᠨ ᠤ ᠳᠡᠯᠡᠬᠡᠢ ᠶᠢᠷᠲᠢᠨᠴᠦ ᠪᠣᠯᠤᠨ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠶᠡᠭᠡ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠦᠵᠡᠵᠦ᠂ ᠨᠠᠮ ᠤᠨ ᠠᠷᠠᠳ ᠲᠦᠮᠡᠨ ᠢ ᠤᠳᠤᠷᠢᠳᠤᠨ ᠥᠭᠡᠷᠡᠴᠢᠯᠡᠯᠲᠡ ᠨᠡᠭᠡᠭᠡᠯᠲᠡ ᠬᠢᠭᠰᠡᠨ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠠᠮᠢᠳᠤᠯᠢᠭ ᠦᠶ᠋ᠯᠡᠳᠦᠯᠭᠡ ᠪᠠ ᠰᠢᠨ᠎ᠡ ᠰᠣᠷᠭᠤᠭ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠰᠢᠨ᠎ᠡ ᠴᠠᠭ ᠦᠶ᠎ᠡ ᠶᠢᠨ ᠨᠥᠬᠦᠴᠡᠯ ᠠᠴᠠ ᠡᠭᠦᠰᠴᠦ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠳᠤ ᠴᠢᠭᠯᠡᠭᠦᠯᠦᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ ᠭᠡᠳᠡᠭ ᠢ ᠪᠠᠷᠢᠮᠳᠠᠯᠠᠵᠤ᠂ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠠᠴᠠ ᠨᠠᠮ ᠪᠠ ᠤᠯᠤᠰ ᠤᠨ ᠠᠵᠢᠯ ᠦᠢᠯᠡᠰ ᠲᠤ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠬᠢᠵᠦ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠷᠭᠠᠭᠤ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠶ ᠪᠤᠶ ᠪᠣᠯᠭᠠᠬᠤ ᠬᠡᠷᠡᠭᠲᠡᠢ ᠭᠡᠵᠦ ᠦᠵᠡᠪᠡ᠃       ᠬᠤᠷᠠᠯ ᠠᠴᠠ᠂ ᠨᠠᠮ ᠤᠨ ᠲᠦᠷᠢᠮ ᠪᠣᠯ ᠨᠠᠮ ᠤᠨ ᠶᠡᠷᠦᠩᠬᠡᠶ ᠲᠦᠷᠢᠮ ᠲᠤᠬᠳᠠᠭᠠᠯ ᠮᠥᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠦᠨᠳᠦᠰᠦᠨ ᠴᠢᠨᠠᠷᠲᠠᠶ ᠵᠢᠷᠤᠮᠵᠢᠯ ᠪᠠ ᠵᠢᠯᠣᠭᠤᠳᠬᠤ ᠦᠶ᠋ᠯᠡᠳᠦᠯ ᠲᠠᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠦᠨᠳᠦᠰᠦᠯᠡᠨ ᠨᠠᠮ ᠤᠨ ᠲᠦᠷᠢᠮ ᠳᠤ ᠵᠣᠬᠢᠰᠲᠠᠶ ᠵᠠᠰᠠᠪᠤᠷᠢ ᠣᠷᠣᠭᠤᠯᠬᠤ ᠨᠢ ᠪᠦᠬᠦ ᠨᠠᠮ ᠢᠶᠠᠷ ᠢᠶᠠᠨ ᠨᠠᠮ ᠤᠨ ᠲᠦᠷᠢᠮ ᠢ ᠨᠡᠩ ᠰᠠᠶᠢᠲᠤᠷ ᠰᠤᠷᠤᠯᠴᠠᠬᠤ᠂ ᠨᠠᠮ ᠤᠨ ᠲᠦᠷᠢᠮ ᠢ ᠨᠡᠩ ᠰᠠᠶᠢᠲᠤᠷ ᠵᠢᠷᠤᠮᠯᠠᠬᠤ᠂ ᠨᠠᠮ ᠤᠨ ᠲᠦᠷᠢᠮ ᠢ ᠨᠡᠩ ᠰᠠᠶᠢᠲᠤᠷ ᠲᠤᠭᠤᠰᠢᠯᠠᠭᠤᠯᠬᠤ᠂ ᠨᠠᠮ ᠤᠨ ᠲᠦᠷᠢᠮ ᠢ ᠨᠡᠩ ᠰᠠᠶᠢᠲᠤᠷ ᠬᠠᠮᠠᠭᠠᠯᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠨᠡᠩ ᠰᠠᠶᠢᠲᠤᠷ ᠲᠦᠯᠬᠢᠨ ᠤᠷᠤᠭᠰᠢᠯᠠᠭᠤᠯᠬᠤ ᠳᠤ ᠠᠰᠢᠭᠲᠠᠶ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠲᠣᠭᠲᠠᠭᠠᠭᠰᠠᠨ ᠴᠢᠬᠤᠯᠠ ᠶᠡᠭᠡ ᠤᠨᠤᠯ ᠤᠨ ᠦᠵᠡᠯᠲᠡ ᠪᠣᠯᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠨᠠᠮ ᠤᠨ ᠲᠦᠷᠢᠮ ᠳᠤ ᠪᠢᠴᠢᠨ ᠣᠷᠣᠭᠤᠯᠵᠤ᠂ ᠨᠠᠮ ᠤᠨ ᠲᠦᠷᠢᠮ ᠳᠤ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢ ᠭᠦᠢᠴᠡᠳ ᠢᠯᠡᠷᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠨᠠᠮ ᠤᠨ ᠲᠥᠪ ᠬᠤᠷᠢᠶᠠᠨ ᠤ ᠳᠤᠷᠠᠳᠤᠭᠰᠠᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠪᠠᠶᠢᠳᠠᠯ ᠳᠣᠣᠷ᠎ᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠥᠪᠡᠷ ᠤᠨ ᠪᠡᠶ᠎ᠡ ᠳᠡᠭᠡᠨ ᠬᠢᠬᠦ ᠠᠭᠤᠤ ᠶᠡᠭᠡ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠨᠡᠩ ᠰᠠᠶᠢᠨ ᠬᠦᠳᠦᠯᠥᠨ ᠳᠠᠭᠠᠭᠤᠯᠬᠤ ᠬᠡᠷᠡᠭᠲᠡᠢ ᠭᠡᠵᠦ ᠦᠵᠡᠪᠡ᠃       ᠬᠤᠷᠠᠯ ᠠᠴᠠ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠬᠡᠷ᠎ᠡ ᠬᠢᠬᠦ ᠠᠵᠢᠯ ᠤᠨ ᠮᠡᠳᠡᠭᠦᠯᠦᠯᠲᠡ ᠶᠢᠨ ᠨᠤᠤᠷᠠᠭ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠤ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠲᠤᠯᠠᠨ ᠬᠡᠷᠡᠭᠵᠢᠭᠦᠯᠬᠦ᠂ ᠠᠬᠢᠭᠤᠯᠤᠨ ᠲᠡᠬᠦᠯᠳᠡᠷᠵᠢᠬᠦᠯᠵᠤ ᠬᠦᠭᠵᠢᠬᠦᠯᠬᠦ ᠦᠢᠯᠡᠳᠦᠯ ᠢᠶᠠᠨ ᠪᠠᠳᠠᠷᠠᠭᠤᠯᠤᠭᠰᠠᠨ ᠠᠮᠢᠳᠤᠯᠢᠭ ᠦᠢᠯᠡᠳᠦᠯᠭᠡ᠂ ᠠᠵᠢᠯ ᠤᠨ ᠦᠷ᠎ᠡ ᠪᠦᠲᠦᠮᠵᠢ᠂ ᠲᠠᠨᠢᠯᠲᠠ ᠲᠦᠷᠦᠭᠳᠡᠯ ᠢ ᠭᠦᠢᠴᠡᠳ ᠲᠤᠰᠬᠠᠵᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠦᠵᠡᠪᠡ᠃ ᠬᠤᠷᠠᠯ ᠠᠴᠠ 2022 ᠣᠨ ᠤ 10 ᠰᠠᠷ᠎ᠠ ᠶᠢᠨ 7 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ᠃       ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠲᠤᠬᠠᠢ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠴᠤ᠂ ᠲᠥᠪ ᠤᠨ ᠨᠠᠢᠮᠠᠨ ᠲᠣᠭᠲᠠᠭᠠᠯ ᠤᠨ ᠬᠡᠷᠡᠭᠵᠢᠭᠦᠯᠬᠦ ᠨᠠᠷᠢᠨ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠦᠬᠦ ᠨᠠᠮ ᠤᠨ ᠰᠤᠷᠲᠠᠯ ᠤᠨ ᠪᠠᠶᠢᠭᠤᠯᠤᠯᠲᠠ ᠶᠢ ᠰᠤᠯᠠᠷᠠᠭᠤᠯᠤᠯ ᠦᠭᠡᠢ᠂ ᠵᠤᠬᠰᠤᠰᠢ ᠦᠭᠡᠢ᠂ ᠲᠠᠬᠢᠨ ᠮᠣᠷᠳᠠᠬᠤ ᠶᠢ ᠠᠬᠢᠭᠤᠯᠪᠠ᠃ ᠬᠠᠯᠠᠰᠢᠷᠠᠯ ᠦᠭᠡᠢ ᠴᠢᠷᠮᠠᠶᠢᠯᠭ᠎ᠠ ᠪᠠᠷ ᠳᠠᠮᠵᠢᠨ᠂ ᠤᠷᠳᠤ ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ ᠵᠠᠷᠢᠮ ᠠᠷᠬᠠᠭ ᠭᠡᠮ ᠢ ᠰᠢᠢᠳᠪᠦᠷᠢᠯᠡᠨ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠣ᠋ ᠰᠢᠨ᠎ᠡ ᠬᠤᠪᠢᠷᠠᠯᠳᠠ ᠭᠠᠷᠴᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠪᠠ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠢᠶᠠᠷ᠂ ᠨᠠᠮ ᠤᠨ ᠲᠥᠪ ᠬᠤᠷᠢᠶ᠎ᠠ ᠬᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠤᠶᠠᠯᠳᠤᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ ᠨᠢᠭᠡᠳᠦᠯᠲᠡᠢ ᠲᠥᠯᠥᠪᠵᠢᠭᠦᠯᠦᠨ᠂ ᠨᠢᠭᠡ ᠴᠤᠬᠴᠠᠵᠢᠭᠤᠯᠤᠨ ᠠᠬᠢᠭᠤᠯᠪᠠ᠃ ᠲᠥᠪ ᠤᠨ ᠲᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠡᠴᠡ ᠠᠴᠠ ᠬᠦᠴᠦᠲᠡᠶ ᠠᠷᠭ᠎ᠠ ᠬᠡᠮᠵᠢᠶ᠎ᠡ ᠠᠪᠴᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠴᠢᠬᠤᠯᠠ ᠪᠤᠰᠤ ᠳᠠᠷᠤᠭᠠᠰᠤ ᠶᠢ ᠠᠪᠴᠤ ᠬᠠᠶᠠᠵᠠᠢ᠃ ᠨᠠᠮ ᠤᠨ ᠳᠣᠲᠣᠭᠠᠳᠤ ᠳᠤ ᠣᠷᠣᠰᠢᠵᠤ ᠪᠠᠶᠢᠭᠰᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠵᠣᠬᠢᠬᠤ ᠬᠡᠮᠵᠢᠶ᠎ᠠ ᠪᠠᠷ ᠬᠤᠷᠢᠭᠯᠠᠨ ᠵᠠᠰᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠨᠠᠶᠢᠳᠠᠪᠤᠷᠢᠵᠢᠭᠤᠯᠤᠯᠲᠠ ᠶᠢ ᠠᠳᠬᠤᠬᠤ ᠨᠡᠩ ᠤᠯᠠᠨ ᠴᠠᠭ ᠪᠠ ᠤᠶᠤᠨ ᠴᠢᠳᠠᠯ ᠲᠠᠢ ᠪᠣᠯᠵᠠᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠨᠢ ᠨᠢᠭᠡᠨᠲᠡ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠤᠷᠲᠠᠯ ᠤᠨ ᠪᠠᠶᠢᠭᠤᠯᠤᠯᠲᠠ ᠶᠢ ᠠᠳᠬᠤᠬᠤ ᠪᠠᠶᠢᠩᠭᠤᠵᠢᠬᠰᠠᠠ ᠠᠵᠢᠯ ᠪᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠦᠭᠵᠢᠭᠦᠯᠬᠦ ᠬᠦᠴᠦᠲᠡᠢ ᠭᠠᠷᠳᠡᠴᠡ ᠪᠣᠯᠵᠠᠢ ᠭᠡᠵᠤ ᠦᠵᠡᠪᠡ᠃       ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠶᠢ ᠠᠳᠬᠤᠬᠤ ᠨᠢ ᠦᠷᠬᠦᠯᠵᠢ ᠶᠢᠨ ᠴᠢᠨᠡᠷᠳᠠᠢ ᠠᠴᠠ ᠪᠢᠰᠢ ᠳᠠᠭᠤᠰᠬᠤ ᠴᠠᠭ ᠪᠠᠶᠢᠬᠤ ᠦᠭᠡᠢ ᠶᠤᠮ᠃ ᠲᠥᠪ ᠤᠨ ᠨᠠᠢᠮᠠᠨ ᠲᠣᠭᠲᠠᠭᠠᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠰᠢᠨ᠎ᠡ ᠪᠠᠶᠢᠳᠠᠯ ᠳᠣᠣᠷᠠᠬᠢ ︽ᠲᠦᠷᠪᠡᠨ ᠰᠤᠷᠲᠠᠯ︾ ᠢ ᠡᠰᠡᠷᠭᠦᠴᠡᠬᠦ ᠵᠢᠮ᠎ᠡ ᠶᠣᠰᠣ ᠣᠨᠴᠠᠯᠢᠭ ᠪᠣᠯᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠠᠶᠢᠩᠭᠤ ᠶᠢᠨ ᠪᠠ ᠤᠷᠳᠤ ᠬᠤᠭᠤᠴᠠᠭᠠᠨ ᠤ᠂ ᠴᠢᠩᠭ᠎ᠠ ᠪᠠ ᠪᠣᠳᠠᠲᠠᠢ ᠪᠠᠶᠢᠬᠤ᠂ ᠭᠦᠨᠵᠡᠭᠡᠢ ᠪᠠ ᠨᠠᠷᠢᠯᠢᠭ ᠪᠠᠶᠢᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠬᠠᠮᠢᠶᠠᠷᠴᠤ ᠳᠠᠳᠬᠠᠯ ᠪᠣᠯᠭᠠᠵᠤ᠂ ᠠᠳᠬᠤᠵᠤ ᠦᠷ᠎ᠡ ᠪᠦᠲᠦᠮᠵᠢ ᠭᠠᠷᠭᠠᠨ᠂ ᠬᠡᠪ ᠵᠠᠩᠰᠢᠯ ᠪᠣᠯᠭᠠᠨ ᠬᠤᠪᠢᠷᠠᠭᠤᠯᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠢᠮᠠᠭᠲᠠ ᠪᠠᠲᠤᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠤ ᠲᠣᠭᠲᠡᠴᠡ ᠶᠢ ᠲᠠᠰᠤᠷᠠᠯᠲᠠ ᠥᠬᠡᠶ ᠪᠦᠷᠢᠨᠰᠢᠬᠦᠯᠵᠤ᠂ ᠪᠠᠶᠢᠩᠭᠤᠵᠢᠭᠰᠠᠨ ᠴᠡᠭᠴᠡᠯᠡᠨ ᠵᠠᠰᠠᠬᠤ ᠠᠵᠢᠯ ᠤᠨ ᠬᠠᠮᠲᠤᠷᠠᠯ ᠬᠦᠴᠦᠨ ᠢ ᠴᠢᠩᠭᠠᠳᠬᠠᠬᠤ ᠶᠢᠨ ᠬᠠᠮᠲᠤ ᠭᠦᠶ᠋ᠴᠡᠳ ᠪᠠᠳᠠᠷᠠᠭᠤᠯᠵᠤ᠂ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠭᠡᠯ ᠢ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠪᠣᠯᠤᠨ ᠠᠷᠠᠳ ᠣᠯᠠᠨ ᠳᠤ ᠨᠠᠩ ᠰᠠᠶᠢᠲᠤᠷ ᠬᠦᠷᠲᠡᠭᠡᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ