ᠪᠠᠶᠠᠨᠪᠢᠯᠢᠭ᠌ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/9/14
     9 ᠰᠠᠷ᠎ᠠ ᠶᠢᠨ 9 ᠤ ᠡᠳᠦᠷ᠂ ᠪᠠᠭᠰᠢ ᠶᠢᠨ ᠪᠠᠶᠠᠷ᠂  ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠡᠳ᠋ ᠬᠤᠰᠢᠭᠤᠨ ᠳᠠᠷᠤᠭ᠎ᠠ  ᠪᠠᠶᠠᠨᠪᠢᠯᠢᠭ᠌ ᠨᠠᠷ ᠤᠷᠠᠳ ᠤᠨ ᠡᠮᠦᠨᠡᠲᠦ ᠬᠤᠰᠢᠭᠤᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ᠂ ᠣᠨᠴᠠᠭᠠᠶ ᠰᠤᠷᠭᠠᠨ ᠬᠥᠮᠦᠵᠢᠯ ᠤᠨ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠪᠠᠭᠰᠢ ᠨᠠᠷ ᠢ ᠪᠣᠯᠭᠤᠭᠠᠨ ᠦᠵᠡᠭᠰᠡᠨ ᠪᠥᠭᠡᠳ 30 ᠪᠠᠭᠰᠢ ᠳᠤ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠪᠡ᠃      ᠪᠠᠶᠠᠨᠪᠢᠯᠢᠭ᠌ ᠨᠠᠷ ᠤᠷᠢᠳ ᠬᠤᠵᠢᠳ ᠡᠯ᠎ᠡ ᠲᠥᠷᠥᠯ ᠤᠨ ᠣᠨᠴᠠᠭᠠᠶ ᠵᠢᠭᠠᠨ ᠰᠤᠷᠭᠠᠯᠲᠠ ᠶᠢᠨ ᠬᠢᠴᠢᠶᠡᠯ ᠤᠨ ᠬᠡᠷ᠂ ᠰᠢᠨ᠎ᠡ ᠶᠢ ᠡᠭᠦᠳᠬᠦ ᠠᠵᠢᠯ ᠤᠨ ᠲᠠᠰᠤᠭ᠂ ᠬᠤᠭᠤᠯᠠᠨ ᠬᠡᠷ ᠵᠡᠷᠭᠡ ᠲᠠᠯᠠᠪᠤᠷ ᠢ ᠲᠣᠭᠤᠷᠢᠨ ᠦᠵᠡᠵᠦ᠂ ᠣᠶᠢᠷ᠎ᠠ ᠶᠢᠨ ᠵᠢᠯ ᠠᠴᠠ ᠨᠠᠭᠠᠰᠢᠬᠢ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠪᠠᠶᠢᠳᠠᠯ᠂ ᠰᠤᠷᠭᠠᠭᠤᠯᠢ ᠶᠢᠨ ᠪᠠᠶᠢᠷᠢ ᠶᠢᠨ ᠪᠥᠲᠥᠭᠡᠨ ᠪᠠᠶᠢᠭᠤᠯᠤᠯᠲᠠ᠂ ᠳᠣᠲᠣᠭᠠᠳᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠣᠷᠣᠭᠴᠢ ᠬᠥᠮᠦᠵᠢᠭᠦᠯᠬᠦ ᠵᠢᠴᠢ ᠰᠤᠷᠭᠠᠭᠤᠯᠢ ᠡᠷᠭᠢᠯᠡᠬᠦ ᠣᠨᠴᠠᠯᠢᠭ ᠵᠡᠷᠭᠡ ᠶᠢ ᠨᠠᠷᠢᠨ ᠣᠶᠢᠯᠠᠭᠠᠵᠤ᠂ ᠳᠠᠷᠠᠭ᠎ᠠ ᠨᠢ ᠪᠥᠬᠦ ᠪᠠᠭᠰᠢ ᠨᠠᠷ ᠲᠠᠢ ᠶᠠᠷᠢᠯᠴᠠᠪᠠ᠃      ᠪᠠᠶᠠᠨᠪᠢᠯᠢᠭ᠌  ᠬᠤᠰᠢᠭᠤᠨ ᠤ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠂ ᠲᠡᠷᠡ᠂ ᠬᠡᠦᠬᠡᠳ ᠤᠳ ᠡᠶᠢᠮᠦ ᠰᠠᠶᠢᠨ ᠠᠮᠵᠢᠯᠲᠠ ᠪᠦᠲᠦᠮᠵᠢ ᠣᠯᠤᠭᠰᠠᠨ ᠨᠢ ᠬᠢᠯᠪᠠᠷ ᠪᠤᠰᠤ ᠶᠤᠮ᠂ ᠳᠡᠳᠡᠨ ᠤ ᠪᠠᠭ᠎ᠠ ᠰᠠᠭ᠎ᠠ ᠲᠠᠪᠰᠢᠯᠳᠠ ᠪᠣᠯᠤᠨ ᠥᠰᠥᠯᠲᠡ ᠪᠤᠶᠢᠵᠢᠯᠲᠠ ᠨᠢ ᠴᠥᠮ ᠣᠨᠴᠠᠭᠠᠢ ᠰᠤᠷᠭᠠᠨ ᠬᠥᠮᠦᠵᠢᠯ ᠤᠨ ᠡᠮᠦᠨ᠎ᠡ ᠹᠷᠣᠨᠲ ᠤᠨ ᠪᠠᠭᠰᠢ ᠠᠵᠢᠯᠲᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠂ ᠪᠠᠭᠰᠢ ᠨᠠᠷ ᠤᠨ ᠣᠨᠴᠠᠭᠠᠢ ᠰᠤᠷᠭᠠᠨ ᠬᠥᠮᠦᠵᠢᠯ ᠤᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠂ ᠥᠷᠭᠡᠨ ᠤᠯᠠᠨ ᠪᠠᠭᠰᠢ ᠨᠠᠷ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠤᠷᠠᠳ ᠤᠨ ᠡᠮᠦᠨᠡᠲᠦ ᠬᠤᠰᠢᠭᠤᠨ ᠤ ᠣᠨᠴᠠᠭᠠᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠡᠭᠦᠨ ᠤ ᠳᠠᠭᠠᠤ᠂ ᠪᠦᠬᠦ ᠪᠠᠭᠰᠢ ᠶᠢᠨ ᠬᠤᠤᠰ ᠪᠠᠶᠠᠷ ᠤᠨ ᠡᠳᠦᠷ ᠤᠨ ᠮᠡᠨᠳᠦ ᠬᠦᠷᠭᠡᠪᠡ᠃     ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃

特殊学校1.jpg

特殊学校2.jpg

 

特殊学校3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ