ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢᠭᠡ ᠴᠣᠭᠴᠠᠵᠢᠭᠤᠯᠤᠭᠰᠠᠨ ᠭᠡᠷᠡᠴᠢᠯᠡᠭᠡ ᠰᠣᠨᠣᠰᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/9/14
     ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢᠭᠡ ᠴᠣᠭᠴᠠᠵᠢᠭᠤᠯᠤᠭᠰᠠᠨ ᠭᠡᠷᠡᠴᠢᠯᠡᠭᠡ ᠰᠣᠨᠣᠰᠬᠤ ᠲᠠᠰᠤᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠥᠭᠡᠳ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠰᠢᠯᠭᠠᠨ ᠲᠣᠭᠲᠠᠭᠠᠬᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠡᠵᠦ᠂ ᠳᠤᠮᠳᠠᠳᠤ ᠤᠯᠤᠰ ᠤᠨ ᠪᠠᠶᠢᠴᠠᠭᠠᠬᠤ ᠬᠤᠷᠢᠶᠠᠨ ᠤ ᠭᠡᠷᠡᠴᠢᠯᠡᠭᠡ ᠰᠣᠨᠣᠰᠬᠤ ᠰᠦᠯᠵᠢᠶᠡᠨ ᠳᠤ ᠵᠢᠩᠬᠢᠨᠢ ᠪᠠᠷ ᠵᠠᠯᠭᠠᠨ ᠣᠷᠣᠵᠤ᠂  ᠢᠨᠲ᠋ᠧᠷᠨᠧᠲ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠢᠷᠢ ᠬᠡᠮ ᠢ ᠪᠦᠷᠢᠯᠳᠦᠭᠦᠯᠦᠭᠰᠡᠨ ᠪᠠᠶᠢᠨ᠎ᠠ᠃     ᠲᠤᠰ ᠪᠠᠶᠢᠴᠠᠭᠠᠬᠤ ᠠᠵᠢᠯ ᠤᠨ ᠭᠡᠷᠡᠴᠢᠯᠡᠯᠲᠡ ᠰᠣᠨᠣᠰᠬᠤ ᠲᠠᠰᠤᠭ ᠤᠨ ᠶᠡᠷᠦᠩᠬᠡᠶ ᠲᠠᠯᠠᠪᠠᠶ ᠨᠢ ᠪᠠᠷᠤᠭ 120 ᠲᠡᠭᠰᠢ ᠳᠥᠷᠪᠡᠯᠵᠢᠨ ᠮᠧᠲᠷ ᠪᠠᠶᠢᠵᠤ᠂ ᠭᠡᠷᠡᠴᠢᠯᠡᠯᠲᠡ ᠰᠣᠨᠣᠰᠬᠤ ᠬᠤᠷᠠᠯ ᠤᠨ ᠪᠦᠬᠦ ᠶᠠᠪᠤᠴᠠ ᠳᠤ ᠵᠡᠷᠭᠡ ᠪᠠᠷ ᠳᠠᠭᠤ ᠰᠢᠩᠭᠡᠭᠡᠬᠦ᠂ ᠳᠦᠷᠰᠦ ᠰᠢᠩᠭᠡᠭᠡᠬᠦ᠂ ᠰᠢᠭᠤᠳ ᠨᠡᠪᠲᠡᠷᠡᠭᠦᠯᠬᠦ ᠭᠡᠷᠡᠴᠢᠯᠡᠯᠲᠡ ᠰᠣᠨᠣᠰᠬᠤ ᠪᠠ ᠠᠯᠤᠰ ᠠᠴᠠ ᠭᠡᠷᠡᠴᠢᠯᠡᠯᠲᠡ ᠰᠣᠨᠣᠰᠬᠤ ᠶᠢ ᠵᠠᠯᠭᠠᠬᠤ᠂ ᠭᠡᠷᠡᠴᠢᠯᠡᠯᠲᠡ ᠰᠣᠨᠣᠰᠬᠤ ᠲᠤᠭ᠎ᠠ ᠪᠠᠷᠢᠮᠲᠠ ᠶᠢ ᠴᠤᠭᠯᠠᠭᠤᠯᠬᠤ᠂ ᠪᠣᠳᠠᠰ ᠤᠨ ᠭᠡᠷᠡᠴᠢ ᠶᠢ ᠳᠡᠯᠭᠡᠨ ᠦᠵᠡᠭᠦᠯᠬᠦ ᠵᠡᠷᠭᠡ ᠴᠢᠳᠠᠮᠵᠢ ᠶᠢ ᠪᠡᠶᠡᠯᠡᠭᠦᠯᠵᠡᠶ᠃ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠲᠠᠰᠤᠭ ᠢ  ᠭᠦᠢᠴᠡᠳ ᠰᠠᠶᠢᠲᠤᠷ ᠠᠰᠢᠭᠯᠠᠵᠤ᠂ ᠡᠯ᠎ᠡ ᠲᠥᠷᠥᠯ ᠤᠨ ᠭᠡᠷᠡᠴᠢᠯᠡᠭᠡ ᠰᠣᠨᠣᠰᠬᠤ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠵᠦ᠂ ︽ᠭᠡᠷᠡᠴᠢᠯᠡᠭᠡ ᠰᠣᠨᠣᠰᠪᠠᠰᠤ ᠵᠣᠬᠢᠬᠤ ᠶᠢ ᠨᠢ ᠪᠦᠬᠦᠨ ᠢ ᠭᠡᠷᠡᠴᠢᠯᠡᠭᠡ ᠰᠣᠨᠣᠰᠬᠤ︾ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠶᠢ ᠪᠠᠶᠢᠩᠭᠤᠵᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ