ᠠᠯᠪᠠᠲᠠᠨ ᠤ ᠬᠠᠥᠯᠢ ︵ᠬᠤᠶᠠᠷ︶
ᠨᠡᠶᠢᠲᠡᠯᠡᠭᠰᠡᠨ ᠴᠠᠭ᠄
2022/9/14
        ᠬᠤᠶᠠᠳᠤᠭᠠᠷ ᠪᠦᠯᠦᠭ    ᠠᠯᠪᠠᠳᠠᠨ ᠤ ᠨᠦᠬᠦᠴᠡᠯ᠂ ᠡᠭᠦᠷᠭᠡ ᠬᠢᠭᠡᠥᠨ ᠡᠷᠭᠡ                                 ᠠᠷᠪᠠᠨ ᠨᠢᠭᠡᠳᠦᠭᠡᠷ ᠵᠦᠢᠯ     ᠠᠯᠪᠠᠳᠠᠨ ᠨᠢ ᠲᠤᠤᠷᠠᠬᠢ ᠨᠦᠬᠦᠴᠡᠯ ᠢ ᠪᠦᠷᠢᠯᠳᠦᠬᠦᠯᠬᠦ ᠭᠡᠷᠡᠭᠳᠡᠢ᠄  ︵ᠨᠢᠭᠡ ︶  ᠪᠦᠬᠦᠳᠠ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠬᠠᠷᠢᠶᠠᠳᠤ ᠪᠠᠶᠢᠬᠤ︔  ︵ᠬᠤᠶᠠᠷ︶ ᠪᠦᠬᠦᠯᠢ 18  ᠨᠠᠰᠤ  ᠬᠦᠷᠦᠭᠰᠡᠥᠨ︔  ︵ᠭᠤᠷᠪᠠ︶ ᠪᠦᠬᠦᠳᠠ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠦᠨᠳᠦᠰᠦᠨ  ᠬᠠᠥᠯᠢ ᠶᠢ  ᠬᠦᠷᠢᠶᠡᠯᠡᠳᠡᠭ︔ ︵ᠲᠦᠷᠪᠡ︶ ᠰᠢᠯᠢᠳᠡᠭ ᠰᠠᠶᠢᠨ ᠵᠠᠩ ᠰᠤᠷᠳᠠᠯ ᠲᠠᠢ︔  ︵ᠲᠠᠪᠤ︶ ᠡᠭᠦᠷᠭᠡ  ᠬᠠᠷᠢᠭᠤᠴᠠᠯᠭ᠎ᠠ ᠪᠠᠨ  ᠭᠡᠪ ᠤᠨ ᠶᠤᠰᠤᠭᠠᠷ ᠪᠡᠶᠡᠯᠡᠬᠦᠯᠵᠦ ᠴᠢᠳᠠᠬᠤ ᠪᠡᠶ᠎ᠡ ᠮᠠᠬᠠᠪᠤᠤᠨ ᠤᠨ  ᠨᠦᠬᠦᠴᠡᠯ ᠲᠠᠢ ᠪᠠᠶᠢᠬᠤ︔  ︵ᠵᠢᠷᠭᠤᠭ᠎ᠠ︶  ᠲᠤᠰᠢᠶᠠᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠶᠤᠯ ᠤᠨ ᠬᠢᠷᠢ ᠭᠡᠮᠵᠢᠶ᠎ᠡ ᠪᠠ   ᠠᠵᠢᠯ ᠤᠨ ᠴᠢᠳᠠᠪᠤᠷᠢ ᠲᠠᠢ  ᠪᠠᠶᠢᠬᠤ︔  ︵ᠲᠤᠯᠤᠭ᠎ᠠ︶ ᠬᠠᠥᠯᠢ ᠳᠤ ᠲᠤᠭᠳᠠᠭᠠᠭᠰᠠᠨ ᠪᠤᠰᠤᠤᠨ ᠨᠦᠬᠦᠴᠡᠯ᠃            ᠠᠷᠪᠠᠨ ᠬᠤᠶᠠᠳᠤᠭᠠᠷ ᠵᠦᠢᠯ     ᠠᠯᠪᠠᠳᠠᠨ ᠲᠤᠤᠷᠠᠬᠢ ᠡᠭᠦᠷᠭᠡ ᠨᠦᠭᠦᠳ ᠢ ᠡᠷᠭᠡᠪᠡᠰᠢ ᠬᠦᠢᠴᠡᠥᠨᠭᠡᠬᠦ  ᠭᠡᠷᠡᠭᠳᠡᠢ᠄  ︵  ᠨᠢᠭᠡ︶ ᠦᠨᠳᠦᠰᠦᠨ ᠬᠠᠥᠯᠢ ᠪᠤᠯᠤᠨ ᠬᠠᠥᠯᠢ ᠴᠠᠭᠠᠵᠠ ᠶᠢ ᠵᠢᠱᠢᠶᠡᠴᠢ ᠪᠠᠷ ᠰᠠᠬᠢᠨ᠎ᠠ︔   ᠬᠤᠶᠠᠷ ︶ ᠲᠤᠭᠳᠠᠭᠰᠠᠨ  ᠡᠷᠭᠡ ᠮᠡᠳᠡᠯ ᠤᠨ ᠭᠡᠪᠴᠢᠶ᠎ᠡ ᠪᠠ ᠵᠢᠷᠤᠮ ᠢᠶᠠᠷ ᠡᠭᠦᠷᠭᠡ ᠬᠠᠷᠢᠭᠤᠴᠠᠯᠭ᠎ᠠ  ᠪᠠᠨ ᠨᠠᠷᠢᠨ  ᠬᠢᠨᠠᠮᠠᠭᠠᠢ  ᠬᠦᠢᠴᠡᠥᠨᠭᠡᠨ᠂ ᠠᠵᠢᠯ ᠤᠨ  ᠦᠷ᠎ᠡ ᠪᠦᠳᠦᠮᠵᠢ ᠪᠠᠨ ᠴᠢᠷᠮᠠᠶᠢᠨ ᠲᠡᠭᠡᠭᠰᠢᠯᠡᠬᠦᠯᠦᠨ᠎ᠡ︔  ︵ᠭᠤᠷᠪᠠ︶ ᠪᠦᠬᠦ  ᠰᠡᠥᠨᠬᠢᠯ ᠪᠦᠬᠦ ᠵᠤᠷᠢᠭ  ᠢᠶᠠᠷ ᠢᠶᠠᠨ ᠠᠷᠠᠥᠨ  ᠲᠦᠮᠡᠨ ᠳᠤ ᠦᠢᠯᠡᠴᠢᠯᠡᠵᠦ᠂ ᠠᠷᠠᠥᠨ ᠲᠦᠮᠡᠨ ᠤ ᠬᠢᠨᠠᠯᠳᠠ ᠶᠢ  ᠬᠦᠯᠢᠶᠡᠨ᠎ᠡ︔  ︵ᠲᠦᠷᠪᠡ︶ ᠤᠯᠤᠰ ᠤᠨ ᠠᠮᠤᠷ  ᠲᠦᠪᠰᠢᠨ᠂ ᠨᠡᠷ᠎ᠡ ᠲᠦᠷᠦ ᠪᠤᠯᠤᠨ ᠠᠰᠢᠭ ᠲᠤᠰᠠ ᠶᠢ  ᠬᠠᠮᠠᠭᠠᠯᠠᠨ᠎ᠠ︔  ︵ᠲᠠᠪᠤ︶ ᠡᠭᠦᠷᠭᠡ ᠲᠤᠰᠢᠶᠠᠯ ᠳᠠᠭᠠᠨ ᠰᠢᠳᠤᠷᠭᠤ  ᠪᠠᠶᠢᠵᠤ᠂ ᠡᠭᠦᠷᠭᠡ ᠬᠠᠷᠢᠭᠤᠴᠠᠯᠭ᠎ᠠ ᠪᠠᠨ  ᠪᠦᠷᠢᠨ ᠬᠦᠢᠴᠡᠥᠭᠡᠬᠦ  ᠪᠠᠷ ᠬᠢᠴᠢᠶᠡᠨ ᠴᠢᠷᠮᠠᠶᠢᠵᠤ᠂ ᠲᠡᠭᠡᠳᠦ ᠱᠠᠳᠤᠨ ᠤ ᠬᠠᠥᠯᠢ  ᠶᠤᠰᠤᠭᠠᠷ ᠲᠤᠭᠳᠠᠭᠠᠭᠰᠠᠨ  ᠲᠤᠭᠳᠠᠭᠠᠯ ᠪᠠ ᠵᠠᠷᠯᠢᠭ ᠢ ᠲᠠᠭᠠᠬᠤ  ᠪᠠ ᠭᠡᠷᠡᠭᠵᠢᠬᠦᠯᠬᠦ ᠭᠡᠷᠡᠭᠳᠡᠢ᠃ ︵ᠵᠢᠷᠭᠤᠭ᠎ᠠ︶  ᠤᠯᠤᠰ ᠤᠨ ᠨᠢᠭᠤᠴᠠ  ᠪᠤᠯᠤᠨ ᠠᠵᠢᠯ ᠤᠨ ᠨᠢᠭᠤᠴᠠ ᠶᠢ ᠬᠠᠮᠠᠭᠠᠯᠠᠨ᠎ᠠ︔ ︵ᠲᠤᠯᠤᠭ᠎ᠠ︶ ᠰᠠᠬᠢᠯᠭ᠎ᠠ ᠪᠠᠳᠤ ᠶᠢ ᠰᠠᠬᠢᠨ᠂  ᠲᠤᠬᠠᠢᠢᠯᠠᠭᠰᠠᠨ  ᠠᠵᠢᠯ ᠤᠨ ᠶᠤᠰᠤ ᠰᠤᠷᠳᠠᠬᠤᠨ ᠢ ᠡᠷᠭᠢᠮᠯᠡᠵᠦ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠢ ᠵᠢᠱᠢᠶᠡᠴᠢ  ᠪᠠᠷ  ᠵᠢᠷᠤᠮᠯᠠᠨ᠎ᠠ︔ ︵ᠨᠠᠢᠮᠨ︶ ᠠᠷᠢᠭᠤᠨ ᠴᠢᠬᠡᠴᠢ᠂ ᠲᠦᠪ ᠭᠤᠤᠯᠴᠢ ᠪᠠᠶᠢᠬᠤ ᠭᠡᠷᠡᠭᠳᠡᠢ︔ ︵ᠶᠢᠰᠦ︶ ᠬᠠᠥᠯᠢ   ᠴᠠᠭᠠᠵᠠ ᠳᠤ ᠲᠤᠭᠳᠠᠭᠠᠭᠰᠠᠨ ᠪᠤᠰᠤᠤᠨ ᠡᠭᠦᠷᠭᠡ᠃                        ᠠᠷᠪᠠᠨ ᠭᠤᠷᠪᠠᠳᠤᠭᠠᠷ ᠵᠦᠢᠯ     ᠠᠯᠪᠠᠳᠠᠨ ᠲᠤᠤᠷᠠᠬᠢ ᠮᠡᠳᠦ ᠡᠷᠭᠡ ᠲᠠᠢ᠄ ︵ᠨᠢᠭᠡ︶ ᠡᠭᠦᠷᠭᠡ   ᠬᠠᠷᠢᠭᠤᠴᠠᠯᠭ᠎ᠠ ᠪᠠᠨ ᠬᠦᠢᠴᠡᠥᠨᠭᠡᠬᠦ ᠳᠤ ᠪᠠᠶᠢᠪᠠᠰᠤ ᠵᠤᠬᠢᠬᠤ ᠠᠵᠢᠯ ᠤᠨ ᠨᠦᠬᠦᠴᠡᠯ ᠢ  ᠬᠦᠷᠳᠡᠨ᠎ᠡ︔ ︵ᠬᠤᠶᠠᠷ︶   ᠬᠠᠥᠯᠢ ᠪᠠᠷ ᠲᠤᠭᠳᠠᠭᠠᠭᠰᠠᠨ ᠤᠴᠢᠷ ᠰᠢᠯᠳᠠᠭᠠᠨ ᠪᠢᠰᠢ᠂ ᠬᠠᠥᠯᠢ ᠶᠢᠨ ᠵᠢᠷᠤᠮ ᠢ ᠲᠠᠮᠵᠢᠭᠰᠠᠨ ᠪᠢᠰᠢ  ᠪᠤᠯ  ᠲᠤᠰᠢᠶᠠᠯ ᠢ ᠨᠢ ᠤᠭᠴᠠᠷᠠᠭᠤᠯᠬᠤ ᠦᠭᠡᠢ᠂ ᠲᠤᠰᠢᠶᠠᠯ ᠢ ᠨᠢ ᠪᠠᠭᠤᠷᠠᠭᠤᠯᠬᠤ ᠦᠭᠡᠢ᠂ ᠠᠵᠢᠯ ᠠᠴᠠ ᠨᠢ   ᠵᠤᠭᠰᠤᠭᠠᠬᠤ ᠦᠭᠡᠢ ᠪᠤᠶᠤ ᠰᠢᠥᠨᠭᠡᠯ ᠦᠭᠬᠦ ᠦᠭᠡᠢ︔ ︵ᠭᠤᠷᠪᠠ︶ ᠠᠵᠢᠯ ᠤᠨ ᠴᠠᠯᠢᠩ ᠬᠠᠷᠠᠮᠵᠢ ᠤᠯᠵᠤ᠂  ᠠᠰᠠᠷᠠᠮᠵᠢ᠂ ᠲᠠᠭᠠᠥᠨᠬᠠᠯ ᠤᠨ ᠤᠯᠭᠤᠮᠵᠢ ᠬᠦᠷᠳᠡᠨ᠎ᠡ︔ ︵ᠲᠦᠷᠪᠡ︶ ᠪᠤᠯᠪᠠᠰᠤᠷᠠᠯ ᠳᠤ ᠤᠷᠤᠯᠴᠠᠨ᠎ᠠ︔ ︵ᠲᠠᠪᠤ︶  ᠪᠠᠶᠢᠭᠤᠯᠭ᠎ᠠ ᠶᠢᠨ  ᠠᠵᠢᠯ ᠪᠤᠯᠤᠨ ᠤᠳᠤᠷᠢᠥᠨᠬᠤ ᠬᠦᠮᠦᠰ ᠲᠤ ᠰᠢᠬᠦᠮᠵᠢᠯᠡᠯ ᠪᠤᠯᠤᠨ ᠰᠠᠨᠠᠭᠤᠯᠭ᠎ᠠ  ᠭᠠᠷᠭᠠᠵᠤ  ᠪᠤᠯᠤᠨ᠎ᠠ︔ ︵ᠵᠢᠷᠭᠤᠭ᠎ᠠ︶ ᠭᠤᠮᠤᠳᠠᠯ ᠲᠤᠭᠠᠴᠠᠵᠤ ᠵᠠᠭᠠᠯᠳᠤᠯᠭ᠎ᠠ ᠬᠢᠵᠦ ᠪᠤᠯᠤᠨ᠎ᠠ︔ ︵ᠲᠤᠯᠤᠭ᠎ᠠ︶ ᠲᠤᠰᠢᠶᠠᠯ  ᠠᠴᠠ ᠪᠠᠨ ᠪᠠᠭᠤᠬᠤ ᠪᠠᠷ  ᠭᠤᠶᠤᠴᠢᠯᠠᠵᠤ ᠪᠤᠯᠤᠨ᠎ᠠ︔ ︵ᠨᠠᠢᠮᠨ︶ ᠬᠠᠥᠯᠢ ᠳᠤ ᠲᠤᠭᠳᠠᠭᠠᠭᠰᠠᠨ ᠪᠤᠰᠤᠤᠨ ᠡᠷᠭᠡ  ᠶᠢ ᠡᠳ᠋ᠯᠡᠨ᠎ᠡ᠃                                      ᠭᠤᠷᠪᠠᠳᠤᠭᠠᠷ ᠪᠦᠯᠦᠭ     ᠲᠤᠰᠢᠶᠠᠯ ᠬᠢᠭᠡᠥᠨ ᠲᠡᠰ                        ᠠᠷᠪᠠᠨ ᠲᠦᠷᠪᠡᠳᠦᠭᠡᠷ ᠵᠦᠢᠯ     ᠤᠯᠤᠰ ᠠᠴᠠ ᠠᠯᠪᠠᠳᠠᠨ ᠤ ᠲᠤᠰᠢᠶᠠᠯ ᠤᠨ ᠪᠠᠶᠢᠷᠢ ᠶᠢᠨ ᠲᠦᠷᠦᠯ  ᠬᠤᠪᠢᠶᠠᠬᠤ ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠤ ᠲᠤᠰᠢᠶᠠᠯ ᠤᠨ ᠪᠠᠶᠢᠷᠢ ᠶᠢᠨ ᠲᠦᠷᠦᠯ ᠬᠤᠪᠢᠶᠠᠷᠢ ᠶᠢ  ᠠᠯᠪᠠᠳᠠᠨ ᠤ  ᠲᠤᠰᠢᠶᠠᠯ ᠤᠨ ᠪᠠᠶᠢᠷᠢ ᠶᠢᠨ  ᠰᠢᠨᠵᠢ ᠴᠢᠨᠠᠷ᠂ ᠤᠨᠴᠠᠯᠢᠭ ᠬᠢᠭᠡᠥᠨ ᠬᠠᠮᠢᠶᠠᠷᠤᠯᠳᠠ ᠶᠢᠨ ᠱᠠᠭᠠᠷᠳᠠᠯᠭ᠎ᠠ  ᠶᠤᠰᠤᠭᠠᠷ  ᠶᠡᠷᠦᠩᠭᠡᠶᠢᠯᠡᠭᠰᠡᠨ ᠬᠠᠮᠢᠶᠠᠷᠤᠯᠳᠠ ᠶᠢᠨ  ᠲᠦᠷᠦᠯ᠂ ᠲᠤᠰᠬᠠᠢ ᠮᠡᠷᠭᠡᠵᠢᠯ ᠤᠨ ᠲᠦᠷᠦᠯ ᠬᠢᠭᠡᠥᠨ ᠵᠠᠰᠠᠭ  ᠵᠠᠬᠢᠷᠭ᠎ᠠ ᠬᠠᠥᠯᠢ  ᠭᠡᠷᠡᠭᠵᠢᠬᠦᠯᠬᠦ ᠲᠦᠷᠦᠯ ᠵᠡᠷᠭᠡ ᠪᠠᠷ  ᠠᠩᠭᠢᠯᠠᠨ᠎ᠠ᠃ ᠲᠤᠰᠢᠶᠠᠯ ᠤᠨ ᠪᠠᠶᠢᠷᠢ ᠨᠢ ᠤᠨᠴᠠᠭᠠᠢ ᠴᠢᠨᠠᠷ  ᠲᠠᠢ ᠪᠠᠶᠢᠵᠤ ᠲᠤᠰᠠᠭᠠᠷ  ᠬᠠᠮᠢᠶᠠᠷᠤᠯᠳᠠ ᠬᠢᠬᠦ ᠴᠢᠬᠤᠯᠨ ᠲᠠᠢ  ᠪᠠᠶᠢᠪᠠᠯ ᠲᠦᠷᠦ ᠶᠢᠨ ᠶᠠᠪᠤᠳᠠᠯ ᠤᠨ ᠬᠤᠷᠢᠶᠠᠨ ᠠᠴᠠ  ᠲᠤᠰ ᠬᠠᠥᠯᠢ ᠶᠢ  ᠦᠨᠳᠦᠰᠦᠯᠡᠵᠦ᠂ ᠪᠤᠰᠤᠤᠨ ᠲᠤᠰᠢᠶᠠᠯ ᠤᠨ  ᠪᠠᠶᠢᠷᠢ ᠶᠢᠨ ᠲᠦᠷᠦᠯ ᠬᠤᠪᠢᠶᠠᠷᠢ ᠶᠢ ᠨᠡᠮᠡᠨ  ᠲᠤᠬᠢᠷᠠᠭᠤᠯᠵᠤ ᠪᠤᠯᠤᠨ᠎ᠠ᠃  ᠡᠯ᠎ᠡ ᠲᠤᠰᠢᠶᠠᠯ ᠤᠨ ᠪᠠᠶᠢᠷᠢ ᠶᠢᠨ ᠲᠦᠷᠦᠯ  ᠬᠤᠪᠢᠶᠠᠷᠢ ᠶᠢᠨ ᠲᠤᠬᠢᠷᠠᠬᠤ ᠬᠦᠷᠢᠶ᠎ᠡ  ᠭᠡᠪᠴᠢᠶ᠎ᠡ ᠶᠢ ᠤᠯᠤᠰ  ᠠᠴᠠ ᠠᠰ ᠲᠤᠨᠢ ᠲᠤᠭᠳᠠᠭᠠᠯ ᠭᠠᠷᠭᠠᠨ᠎ᠠ᠃                         ᠠᠷᠪᠠᠨ ᠲᠠᠪᠤᠳᠤᠭᠠᠷ ᠵᠦᠢᠯ     ᠤᠯᠤᠰ ᠠᠴᠠ ᠠᠯᠪᠠᠳᠠᠨ ᠤ ᠲᠤᠰᠢᠶᠠᠯ ᠤᠨ ᠪᠠᠶᠢᠷᠢ ᠬᠤᠪᠢᠶᠠᠷᠢ ᠶᠢ  ᠦᠨᠳᠦᠰᠦᠯᠡᠵᠦ᠂ ᠠᠯᠪᠠᠳᠠᠨ ᠤ ᠲᠤᠰᠢᠶᠠᠯ ᠤᠨ ᠲᠠᠷᠡᠭᠠᠯᠠᠯ ᠢ ᠪᠠᠶᠢᠷᠢᠯᠡᠭᠤᠯᠤᠨ᠎ᠠ᠃                          ᠠᠷᠪᠠᠨ ᠵᠢᠷᠭᠤᠳᠤᠭᠠᠷ ᠵᠦᠢᠯ     ᠠᠯᠪᠳᠠᠠ ᠤ ᠲᠤᠰᠢᠶᠠᠯ ᠢ ᠤᠳᠤᠷᠢᠳᠤᠯᠭ᠎ᠠ ᠶᠢᠨ ᠲᠤᠰᠢᠶᠠᠯ ᠪᠤᠯᠤᠨ  ᠤᠳᠤᠷᠢᠳᠤᠯᠭ᠎ᠠ ᠶᠢᠨ ᠪᠤᠰᠤ ᠲᠤᠰᠢᠶᠠᠯ ᠭᠡᠵᠦ ᠬᠤᠪᠢᠶᠠᠨ᠎ᠠ᠃ ᠤᠳᠤᠷᠢᠳᠤᠯᠭ᠎ᠠ ᠶᠢᠨ ᠲᠤᠰᠢᠶᠠᠯ ᠤᠨ ᠲᠡᠰ  ᠲᠠᠪᠬᠤᠷᠭ᠎ᠠ ᠶᠢ ᠤᠯᠤᠰ ᠤᠨ ᠲᠡᠰ ᠤᠨ ᠲᠡᠷᠢᠬᠦᠨ ᠲᠤᠰᠢᠶᠠᠯ᠂ ᠤᠯᠤᠰ ᠤᠨ ᠲᠡᠰ ᠤᠨ ᠲᠡᠳ᠋ ᠲᠤᠰᠢᠶᠠᠯ ᠂ ᠮᠤᠵᠢ  ᠶᠠᠮᠤᠨ ᠤ ᠲᠡᠰ ᠤᠨ ᠲᠡᠷᠢᠬᠦᠨ ᠲᠤᠰᠢᠶᠠᠯ᠂ ᠮᠤᠵᠢ ᠶᠠᠮᠤᠨ ᠤ ᠲᠡᠰ ᠤᠨ ᠲᠡᠳ᠋ ᠲᠤᠰᠢᠶᠠᠯ᠂ ᠲᠢᠩᠭᠢᠮ ᠲᠤᠪᠴᠢᠶ᠎ᠠ ᠶᠢᠨ  ᠲᠡᠰ ᠤᠨ  ᠲᠡᠷᠢᠬᠦᠨ ᠲᠤᠰᠢᠶᠠᠯ᠂ ᠲᠢᠩᠭᠢᠮ ᠲᠤᠪᠴᠢᠶ᠎ᠠ ᠶᠢᠨ ᠲᠡᠰ ᠤᠨ ᠲᠡᠳ᠋ ᠲᠤᠰᠢᠶᠠᠯ᠂ ᠰᠢᠶᠠᠨ ᠭᠠᠵᠠᠷ ᠤᠨ  ᠲᠡᠰ ᠤᠨ ᠲᠡᠷᠢᠬᠦᠨ ᠲᠤᠰᠢᠶᠠᠯ᠂ ᠰᠢᠶᠠᠨ ᠭᠠᠵᠠᠷ ᠤᠨ ᠲᠡᠰ ᠤᠨ ᠲᠡᠳ᠋ ᠲᠤᠰᠢᠶᠠᠯ᠂ ᠰᠢᠶᠠᠩ ᠰᠠᠯᠠᠭ᠎ᠠ ᠶᠢᠨ ᠲᠡᠰ ᠤᠨ  ᠲᠡᠷᠢᠬᠦᠨ ᠲᠤᠰᠢᠶᠠᠯ᠂ ᠰᠢᠶᠠᠩ ᠰᠠᠯᠠᠭ᠎ᠠ ᠶᠢᠨ ᠲᠡᠰ ᠤᠨ ᠲᠡᠳ᠋ ᠲᠤᠰᠢᠶᠠᠯ ᠭᠡᠵᠦ  ᠬᠤᠪᠢᠶᠠᠪᠠ᠃ ᠤᠳᠤᠷᠢᠳᠤᠯᠭ᠎ᠠ  ᠶᠢᠨ ᠪᠤᠰᠤ ᠲᠤᠰᠢᠶᠠᠯ ᠤᠨ ᠲᠡᠰ ᠲᠠᠪᠬᠤᠷᠭ᠎ᠠ ᠶᠢ ᠲᠢᠩᠭᠢᠮ ᠲᠤᠪᠴᠢᠶ᠎ᠠ ᠶᠢᠨ ᠲᠡᠰ ᠠᠴᠠ ᠲᠤᠷᠤᠭᠰᠢ ᠪᠠᠶᠢᠷᠢᠯᠠᠭᠤᠯᠪᠠ ᠃                          ᠠᠷᠪᠠᠨ ᠲᠤᠯᠤᠳᠤᠭᠠᠷ ᠵᠦᠢᠯ     ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠤᠨ ᠤᠳᠤᠷᠢᠳᠤᠯᠭ᠎ᠠ  ᠶᠢᠨ ᠲᠤᠰᠢᠶᠠᠯ ᠢ ᠦᠨᠳᠦᠰᠦᠨ ᠬᠠᠥᠯᠢ ᠪᠠ ᠬᠠᠮᠢᠶ᠎ᠠ ᠪᠦᠬᠦᠢ ᠬᠠᠥᠯᠢ ᠴᠠᠭᠠᠵᠠ᠂ ᠲᠤᠰᠢᠶᠠᠯ ᠤᠨ ᠲᠡᠰ ᠲᠠᠪᠬᠤᠷᠭ᠎ᠠ  ᠬᠢᠭᠡᠥᠨ ᠪᠠᠶᠢᠭᠤᠯᠤᠮᠵᠢ ᠶᠢᠨ ᠭᠡᠪ ᠪᠠᠷᠢᠮᠵᠢᠶ᠎ᠠ ᠶᠢᠨ ᠪᠠᠶᠢᠷᠢᠯᠠᠭᠤᠯᠤᠯᠳᠠ ᠶᠢ ᠦᠨᠳᠦᠰᠦᠯᠡᠨ ᠲᠤᠭᠳᠠᠭᠠᠪᠠ᠃  ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠤᠨ ᠤᠳᠤᠷᠢᠳᠤᠯᠭ᠎ᠠ ᠶᠢᠨ ᠪᠤᠰᠤ ᠲᠤᠰᠢᠶᠠᠯ ᠢ ᠲᠤᠭᠤᠷᠢᠨ  ᠪᠠᠶᠢᠴᠠᠭᠠᠭᠴᠢ᠂ ᠲᠡᠳ᠋ ᠲᠤᠭᠤᠷᠢᠨ  ᠪᠠᠶᠢᠴᠠᠭᠠᠭᠴᠢ᠂ ᠪᠠᠶᠢᠴᠠᠭᠠᠨ ᠰᠤᠳᠤᠯᠤᠭᠴᠢ᠂ ᠲᠡᠳ᠋ ᠪᠠᠶᠢᠴᠠᠭᠠᠨ  ᠰᠤᠳᠤᠯᠤᠭᠴᠢ᠂ ᠡᠷᠬᠢᠯᠡᠬᠦ ᠭᠡᠰᠢᠬᠦᠴᠢ᠂ ᠭᠡᠰᠢᠬᠦᠴᠢ᠂ ᠲᠡᠳ᠋ ᠡᠷᠬᠢᠯᠡᠬᠦ ᠭᠡᠰᠢᠬᠦᠴᠢ᠂ ᠠᠯᠪᠠᠴᠢᠨ ᠭᠡᠵᠦ ᠬᠤᠪᠢᠶᠠᠨ᠎ᠠ᠃  ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠠᠴᠠ ᠭᠠᠳᠠᠨᠠᠬᠢ ᠪᠤᠰᠤᠤᠨ ᠲᠤᠰᠢᠶᠠᠯ ᠤᠨ ᠪᠠᠶᠢᠷᠢ ᠶᠢᠨ ᠲᠦᠷᠦᠯ  ᠬᠤᠪᠢᠶᠠᠷᠢ ᠶᠢᠨ ᠠᠯᠪᠠᠳᠠᠨ ᠤ ᠲᠤᠰᠢᠶᠠᠯ ᠤᠨ ᠲᠠᠷᠠᠭᠠᠯᠠᠯ ᠢ ᠲᠤᠰ ᠬᠠᠥᠯᠢ ᠶᠢ ᠦᠨᠳᠦᠰᠦᠯᠡᠨ ᠤᠯᠤᠰ ᠠᠴᠠ ᠠᠰ  ᠲᠤᠨᠢ ᠲᠤᠭᠳᠠᠭᠠᠨ᠎ᠠ᠃                         ᠠᠷᠪᠠᠨ ᠨᠠᠢᠠᠮᠳᠤᠭᠠᠷ ᠵᠦᠢᠯ     ᠡᠯ᠎ᠡ ᠪᠠᠶᠢᠭᠤᠯᠭ᠎ᠠ ᠨᠢ ᠲᠤᠭᠳᠠᠭᠰᠠᠨ ᠡᠭᠦᠷᠭᠡ ᠴᠢᠳᠠᠪᠤᠷᠢ᠂ ᠭᠡᠪ ᠪᠠᠷᠢᠮᠵᠢᠶ᠎ᠠ ᠂ ᠤᠷᠤᠨ ᠲᠤᠭ᠎ᠠ ᠶᠢᠨ ᠬᠢᠵᠠᠭᠠᠷᠯᠠᠯ᠂ ᠲᠤᠰᠢᠶᠠᠯ ᠤᠨ ᠲᠤᠭ᠎ᠠ ᠵᠢᠴᠢ ᠪᠦᠳᠦᠴᠡ ᠶᠢᠨ ᠬᠠᠷᠢᠴᠠᠯ ᠢ ᠦᠨᠳᠦᠰᠦᠯᠡᠵᠦ   ᠪᠠᠶᠢᠭᠠᠥᠨ ᠲᠤᠰ ᠪᠠᠶᠢᠭᠤᠯᠭ᠎ᠠ ᠶᠢᠨ ᠢᠶᠠᠨ ᠠᠯᠪᠠᠳᠠᠨ ᠤ ᠪᠤᠳᠠᠳᠠᠢ ᠲᠤᠰᠢᠶᠠᠯ ᠤᠨ ᠪᠠᠶᠢᠷᠢ ᠶᠢ ᠪᠠᠶᠢᠷᠢᠯᠠᠭᠤᠯᠤᠠ᠂ ᠡᠯ᠎ᠡ  ᠲᠤᠰᠢᠶᠠᠯ ᠤᠨ ᠪᠠᠶᠢᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠬᠢᠭᠡᠥᠨ ᠲᠤᠰᠢᠶᠠᠯ ᠳᠤ ᠭᠠᠷᠬᠤ ᠬᠢᠷᠢ ᠭᠡᠮ ᠤᠨ  ᠨᠦᠬᠦᠴᠡᠯ ᠢ ᠲᠤᠭᠳᠠᠭᠠᠨ᠎ᠠ᠃                           ᠠᠷᠪᠠ ᠶᠢᠰᠦᠳᠦᠭᠡᠷ ᠵᠦᠢᠯ     ᠠᠯᠪᠠᠳᠠᠨ ᠤ ᠲᠤᠰᠢᠶᠠᠯ ᠨᠢ ᠵᠤᠬᠢᠬᠤ ᠲᠡᠰ ᠲᠠᠢ ᠵᠤᠬᠢᠴᠠᠯᠳᠤᠬᠤ ᠭᠡᠷᠡᠭᠳᠡᠢ᠃ ᠠᠯᠪᠠᠳᠠᠨ ᠤ ᠲᠤᠰᠢᠶᠠᠯ ᠭᠢᠭᠡᠥᠨ ᠲᠡᠰ ᠤᠨ ᠵᠤᠬᠢᠴᠠᠯᠳᠤᠬᠤ ᠬᠠᠷᠢᠴᠠᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ  ᠠᠴᠠ ᠲᠤᠭᠳᠠᠭᠠᠨ᠎ᠠ᠃ ᠠᠯᠪᠠᠳᠠᠨ ᠤ ᠲᠤᠰᠢᠶᠠᠯ ᠬᠢᠭᠡᠥᠨ ᠲᠡᠰ ᠪᠤᠯ ᠠᠯᠪᠠᠳᠠᠨ ᠤ ᠴᠠᠯᠢᠩ ᠵᠢᠴᠢ ᠪᠤᠰᠤᠤᠨ  ᠤᠯᠭᠤᠮᠵᠢ ᠶᠢ ᠲᠤᠭᠳᠠᠭᠠᠬᠤ ᠦᠨᠳᠦᠰᠦᠯᠡᠯ ᠪᠤᠯᠤᠨ᠎ᠠ᠃ ᠠᠯᠪᠠᠳᠠᠨ ᠤ ᠲᠡᠰ ᠢ ᠡᠭᠦᠷᠭᠡᠯᠡᠵᠦ ᠪᠠᠶᠢᠭ᠎ᠠ ᠲᠤᠰᠢᠶᠠᠯ  ᠵᠢᠴᠢ ᠲᠡᠬᠦᠨ ᠤ ᠮᠤᠷᠠᠯ ᠴᠢᠳᠠᠪᠤᠷᠢ ᠶᠢᠨ ᠢᠯᠡᠷᠡᠯ᠂ ᠠᠵᠢᠯ ᠤᠨ ᠪᠤᠳᠠᠳᠤ ᠠᠮᠵᠢᠯᠳᠠ ᠪᠤᠯᠤᠨ ᠠᠵᠢᠯ ᠤᠨ  ᠦᠡᠭᠭᠡᠷᠡᠯᠳᠡ ᠶᠢ ᠦᠨᠳᠦᠰᠦᠯᠡᠨ ᠲᠤᠭᠳᠠᠭᠠᠳᠠᠭ᠃ ᠠᠯᠪᠠᠳᠠᠨ ᠨᠢ ᠢᠵᠢᠯ ᠨᠢᠭᠡᠨ ᠲᠤᠰᠢᠶᠠᠯ ᠲᠡᠭᠡᠷ᠎ᠡ ᠤᠯᠤᠰ ᠤᠨ  ᠲᠤᠭᠳᠠᠭᠠᠯ ᠶᠤᠰᠤᠭᠠᠷ ᠲᠡᠰ ᠨᠢ  ᠲᠠᠪᠰᠢᠵᠤ ᠪᠤᠯᠤᠨ᠎ᠠ᠃                         ᠬᠤᠷᠢᠳᠤᠭᠠᠷ ᠵᠦᠢᠯ     ᠤᠯᠤᠰ ᠠᠴᠠ ᠠᠷᠠᠥᠨ ᠤᠨ ᠴᠠᠭᠳᠠᠭ᠎ᠠ ᠵᠢᠴᠢ ᠬᠢᠯᠢ ᠶᠢᠨ ᠪᠤᠭᠤᠮᠳᠠ᠂  ᠭᠠᠳᠠᠭᠠᠳᠤ ᠳᠤ ᠰᠠᠭᠤᠭ᠎ᠠ ᠭᠠᠳᠠᠭᠠᠳᠤ ᠬᠠᠷᠢᠯᠴᠠᠭᠠᠨ ᠤ ᠪᠠᠶᠢᠭᠤᠯᠤᠮᠵᠢ ᠶᠢᠨ ᠠᠯᠪᠠᠳᠠᠨ ᠤ ᠠᠵᠢᠯ ᠤᠨ ᠤᠨᠴᠠᠯᠢᠭ ᠢ  ᠦᠨᠳᠦᠰᠦᠯᠡᠵᠦ᠂ ᠲᠡᠬᠦᠨ ᠤ ᠲᠤᠰᠢᠶᠠᠯ ᠲᠠᠢ ᠵᠤᠬᠢᠴᠠᠯᠳᠤᠭᠰᠠᠨ ᠴᠤᠯᠨ ᠶᠢᠨ ᠲᠡᠰ ᠢ ᠪᠠᠶᠢᠷᠢᠯᠡᠭᠤᠯᠤᠨ᠎ᠠ ᠃       
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ