ᠠᠯᠪᠠᠲᠠᠨ ᠤ ᠬᠠᠥᠯᠢ ︵ᠭᠤᠷᠪᠠ︶
ᠨᠡᠶᠢᠲᠡᠯᠡᠭᠰᠡᠨ ᠴᠠᠭ᠄
2022/9/14
             ᠲᠦᠷᠪᠡᠳᠦᠭᠡᠷ ᠪᠦᠯᠦᠭ     ᠡᠯᠰᠡᠨ ᠭᠡᠷᠡᠭᠯᠡᠬᠦ                         ᠬᠤᠷᠢᠨ ᠨᠢᠭᠡᠳᠦᠭᠡᠷ ᠵᠦᠢᠯ     ᠡᠷᠬᠢᠯᠡᠬᠦ ᠭᠡᠰᠢᠬᠦᠨ ᠠᠴᠠ ᠲᠤᠷᠤᠭᠰᠢ ᠵᠢᠴᠢ ᠪᠤᠰᠤᠤᠨ ᠵᠤᠬᠢᠴᠠᠩᠭᠤᠢ  ᠲᠤᠰᠢᠶᠠᠯ ᠤᠨ ᠲᠡᠰ ᠲᠠᠪᠬᠤᠷᠭ᠎ᠠ ᠶᠢᠨ ᠤᠳᠤᠷᠢᠳᠤᠯᠭ᠎ᠠ ᠶᠢᠨ ᠪᠤᠰᠤ ᠲᠤᠰᠢᠶᠠᠯ ᠡᠭᠦᠷᠭᠡᠯᠡᠬᠦ ᠲᠦᠷᠦ ᠶᠢᠨ ᠠᠯᠪᠠᠳᠠᠨ ᠢ  ᠡᠯᠰᠡᠨ  ᠭᠡᠷᠡᠭᠯᠡᠬᠦ ᠳᠤ ᠢᠯᠨ ᠰᠢᠯᠭᠠᠯᠳᠠ ᠬᠢᠬᠦ᠂ ᠴᠢᠩᠭ᠎ᠠ ᠰᠢᠯᠭᠠᠨ ᠪᠠᠶᠢᠴᠠᠭᠠᠬᠤ᠂ ᠡᠷᠭᠡ ᠲᠡᠭᠰᠢ᠂  ᠦᠷᠢᠰᠦᠯᠳᠦᠬᠦᠯᠬᠦ᠂ ᠰᠢᠯᠢᠳᠡᠭ ᠢ ᠨᠢ ᠰᠤᠩᠭᠤᠨ ᠭᠡᠷᠡᠭᠯᠡᠬᠦ ᠠᠷᠭ᠎ᠠ ᠶᠢ ᠭᠡᠷᠡᠭᠯᠡᠬᠦ ᠪᠤᠯᠤᠨ᠎ᠠ᠃ ᠦᠨᠳᠦᠰᠦᠳᠡᠨ ᠤ  ᠦᠪᠡᠷᠳᠡᠭᠡᠨ ᠵᠠᠰᠠᠬᠤ ᠭᠠᠵᠠᠷ ᠤᠷᠤᠨ ᠨᠢ ᠲᠡᠭᠡᠷᠡᠬᠢ ᠵᠤᠷᠪᠤᠰ ᠤᠨ ᠲᠤᠭᠳᠠᠭᠠᠯ ᠶᠤᠰᠤᠭᠠᠷ ᠠᠯᠪᠠᠳᠠᠨ ᠢ ᠡᠯᠰᠡᠨ  ᠭᠡᠷᠡᠭᠯᠡᠬᠦ ᠳᠡᠭᠡᠨ ᠬᠠᠥᠯᠢ ᠲᠦᠷᠢᠮ ᠪᠠ ᠬᠠᠮᠢᠶ᠎ᠠ ᠪᠦᠬᠦᠢ ᠲᠤᠭᠳᠠᠭᠠᠯ ᠤᠨ ᠶᠤᠰᠤᠭᠠᠷ ᠴᠦᠭᠡᠨ ᠲᠤᠭᠠᠳᠤ  ᠦᠨᠳᠦᠰᠦᠳᠡᠨ ᠤ ᠰᠢᠯᠭᠠᠭᠤᠯᠤᠭᠰᠠᠤᠨ ᠲᠤ ᠵᠤᠬᠢᠬᠤ ᠬᠠᠷᠠᠭᠠᠯᠵᠠᠯ  ᠦᠵᠡᠬᠦᠯᠬᠦ ᠭᠡᠷᠡᠭᠳᠡᠢ᠃                         ᠬᠤᠷᠢᠨ ᠬᠤᠶᠠᠳᠤᠭᠠᠷ ᠵᠦᠢᠯ     ᠲᠦᠪ ᠤᠨ ᠪᠠᠶᠢᠭᠤᠯᠭ᠎ᠠ ᠵᠢᠴᠢ ᠲᠡᠬᠦᠨ ᠤ ᠪᠠᠶᠢᠭᠤᠯᠤᠮᠵᠢ ᠶᠢᠨ  ᠠᠯᠪᠠᠳᠠᠨ ᠢ ᠡᠯᠰᠡᠨ ᠭᠡᠷᠡᠭᠯᠡᠬᠦ ᠳᠡᠭᠡᠨ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠬᠠᠷᠢᠭᠤᠴᠠᠨ ᠵᠤᠬᠢᠶᠠᠨ ᠪᠠᠶᠢᠭᠤᠯᠤᠨ᠎ᠠ ᠃ ᠤᠷᠤᠨ ᠨᠤᠳᠤᠭ ᠤᠨ ᠡᠯ᠎ᠡ ᠱᠠᠳᠤᠨ ᠤ ᠪᠠᠶᠢᠭᠤᠯᠭ᠎ᠠ ᠶᠢᠨ ᠠᠯᠪᠠᠳᠠᠨ ᠢ  ᠡᠯᠰᠡᠨ ᠭᠡᠷᠡᠭᠯᠡᠬᠦ ᠳᠡᠭᠡᠨ ᠮᠤᠵᠢ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ  ᠬᠠᠷᠢᠭᠤᠴᠠᠨ ᠵᠤᠬᠢᠶᠠᠨ ᠪᠠᠶᠢᠭᠤᠯᠤᠨ᠎ᠠ ᠂ ᠴᠢᠬᠤᠯᠨ ᠲᠠᠢ ᠦᠶ᠎ᠡ ᠳᠤ ᠮᠤᠵᠢ ᠶᠢᠨ ᠱᠠᠳᠤᠨ ᠤ ᠠᠯᠪᠠᠳᠠᠨ ᠢ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠨᠢ ᠲᠤᠭᠤᠷᠢᠭ ᠲᠠᠢ ᠬᠤᠳᠠ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ  ᠰᠠᠯᠠᠭ᠎ᠠ ᠮᠦᠴᠢᠷ ᠲᠤ ᠨᠠᠶᠢᠳᠠᠵᠤ ᠡᠷᠭᠡ ᠤᠯᠭᠤᠨ  ᠵᠤᠬᠢᠶᠠᠨ ᠪᠠᠶᠢᠭᠤᠯᠵᠤ ᠪᠠᠰᠠ ᠪᠤᠯᠤᠨ᠎ᠠ᠃                        ᠬᠤᠷᠢᠨ ᠭᠤᠷᠪᠠᠳᠤᠭᠠᠷ ᠵᠦᠢᠯ     ᠠᠯᠪᠠᠳᠠᠨ ᠳᠤ ᠨᠡᠷ᠎ᠡ ᠮᠡᠳᠡᠬᠦᠯᠦᠨ ᠰᠢᠯᠭᠠᠬᠤ ᠳᠤ ᠲᠤᠰ ᠬᠠᠥᠯᠢ ᠶᠢᠨ  ᠠᠷᠪᠠᠨ ᠨᠢᠭᠡᠳᠦᠭᠡᠷ ᠵᠦᠢᠯ ᠳᠤ ᠲᠤᠭᠳᠠᠭᠠᠭᠰᠠᠨ ᠨᠦᠬᠦᠴᠡᠯ ᠢ ᠪᠦᠷᠢᠯᠳᠦᠬᠦᠯᠬᠦ ᠠᠴᠠ ᠭᠠᠳᠠᠨ᠎ᠠ ᠪᠠᠰᠠ ᠮᠤᠵᠢ ᠶᠢᠨ  ᠱᠠᠳᠤᠨ ᠠᠴᠠ ᠲᠡᠭᠡᠭᠰᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠵᠢᠱᠢᠨ  ᠲᠤᠮᠢᠯᠠᠬᠤ ᠲᠤᠰᠢᠶᠠᠯ ᠤᠨ ᠪᠠᠶᠢᠷᠢ ᠳᠤ ᠱᠠᠭᠠᠷᠳᠠᠬᠤ ᠬᠢᠷᠢ ᠭᠡᠮ ᠤᠨ ᠨᠦᠬᠦᠴᠡᠯ ᠢ ᠪᠦᠷᠢᠯᠳᠦᠬᠦᠯᠬᠦ ᠭᠡᠷᠡᠭᠳᠡᠢ ᠶᠤᠮ᠃           ᠬᠤᠷᠢᠨ ᠲᠦᠷᠪᠡᠳᠦᠭᠡᠷ ᠵᠦᠢᠯ     ᠲᠤᠤᠷᠠᠬᠢ ᠬᠦᠮᠦᠰ ᠢ ᠠᠯᠪᠠᠳᠠᠨ ᠢᠶᠠᠷ ᠡᠯᠰᠡᠨ ᠭᠡᠷᠡᠭᠯᠡᠵᠦ ᠪᠤᠯᠬᠤ ᠦᠭᠡᠢ ᠄ ︵ᠨᠢᠭᠡ︶ ᠶᠠᠯ᠎ᠠ ᠬᠢᠵᠦ ᠡᠷᠡᠬᠦᠦ ᠶᠢᠨ ᠭᠡᠷᠡᠭ  ᠢᠶᠠᠷ ᠶᠠᠯᠠᠯᠠᠭᠳᠠᠵᠤ ᠦᠡᠭᠭᠡᠷᠡᠭᠰᠡᠨ︔ ︵ᠬᠤᠶᠠᠷ︶ ᠠᠯᠪᠠᠨ  ᠲᠤᠰᠢᠶᠠᠯ ᠠᠴᠠ ᠪᠠᠨ ᠬᠦᠭᠡᠭᠡᠭᠳᠡᠵᠦ ᠦᠡᠭᠭᠡᠷᠡᠭᠰᠡᠨ︔ ︵ᠭᠤᠷᠪᠠ︶ ᠠᠯᠪᠠᠳᠠᠨ ᠢᠶᠠᠷ ᠡᠯᠰᠡᠨ ᠭᠡᠷᠡᠭᠯᠡᠵᠦ ᠦᠯᠦ  ᠪᠤᠯᠬᠤ ᠬᠠᠥᠯᠢ ᠪᠠᠷ ᠲᠤᠭᠳᠠᠭᠠᠭᠰᠠᠨ ᠪᠤᠰᠤᠤᠨ ᠪᠠᠶᠢᠳᠠᠯ᠃                         ᠬᠤᠷᠢᠨ ᠲᠠᠪᠤᠳᠤᠭᠠᠷ ᠵᠦᠢᠯ     ᠠᠯᠪᠠᠳᠠᠨ ᠢ ᠡᠯᠰᠡᠨ ᠭᠡᠷᠡᠭᠯᠡᠬᠦ ᠳᠤ ᠡᠷᠭᠡᠪᠰᠢ ᠬᠢᠵᠠᠭᠠᠷᠯᠠᠭᠰᠠᠨ ᠤᠷᠤᠨ  ᠲᠤᠭ᠎ᠠ ᠶᠢᠨ ᠲᠤᠳᠤᠷ᠎ᠠ ᠪᠠᠶᠢᠬᠤ ᠪᠦᠭᠡᠥᠨ ᠵᠤᠬᠢᠴᠠᠩᠭᠤᠢ ᠲᠤᠰᠢᠶᠠᠯ ᠤᠨ ᠪᠠᠶᠢᠷᠢ ᠶᠢᠨ ᠬᠤᠭᠤᠰᠤᠨ ᠤᠷᠤ ᠪᠠᠶᠢᠬᠤ  ᠭᠡᠷᠡᠭᠳᠡᠢ᠃                         ᠬᠤᠷᠢᠨ ᠵᠢᠷᠭᠤᠳᠤᠭᠠᠷ ᠵᠦᠢᠯ     ᠠᠯᠪᠠᠳᠠᠨ ᠡᠯᠰᠡᠨ ᠭᠡᠷᠡᠭᠯᠡᠬᠦ ᠳᠡᠭᠡᠨ ᠡᠯᠰᠡᠨ ᠰᠢᠯᠭᠠᠬᠤ ᠠᠯᠪᠠᠨ ᠵᠠᠷ  ᠨᠡᠶᠢᠳᠡᠯᠡᠨ᠎ᠡ᠃ ᠡᠯᠰᠡᠨ ᠰᠢᠯᠭᠠᠬᠤ ᠠᠯᠪᠠᠨ ᠵᠠᠷ  ᠲᠤ ᠡᠯᠰᠡᠨ ᠰᠢᠯᠭᠠᠬᠤ ᠲᠤᠰᠢᠶᠠᠯ ᠤᠨ ᠪᠠᠶᠢᠷᠢ᠂ ᠲᠤᠭ᠎ᠠ ᠨᠤᠷᠮ᠎ᠠ᠂  ᠨᠡᠷ᠎ᠡ ᠮᠡᠳᠡᠬᠦᠯᠦᠨ ᠰᠢᠯᠭᠠᠬᠤ ᠭᠢᠷᠢ ᠭᠡᠮ ᠤᠨ ᠨᠦᠬᠦᠴᠡᠯ ᠬᠢᠭᠡᠥᠨ ᠨᠡᠷ᠎ᠡ ᠮᠡᠳᠡᠬᠦᠯᠦᠨ ᠰᠢᠯᠭᠠᠭᠤᠯᠬᠤ ᠳᠤ ᠲᠤᠰᠢᠶᠠᠬᠤ  ᠭᠤᠶᠤᠴᠢᠯᠠᠯ ᠤᠨ ᠮᠠᠲ᠋ᠧᠷᠢᠶᠠᠯ ᠵᠢᠴᠢ ᠪᠤᠰᠤᠤᠨ ᠮᠡᠳᠡᠪᠡᠰᠦ ᠵᠤᠬᠢᠬᠤ ᠵᠦᠢᠯ ᠢ ᠤᠷᠤᠭᠤᠯᠤᠨ ᠲᠤᠳᠤᠷᠬᠠᠢᠢᠯᠠᠬᠤ  ᠭᠡᠷᠡᠭᠳᠡᠢ᠃ ᠡᠯᠰᠡᠨ ᠭᠡᠷᠡᠭᠯᠡᠬᠦ ᠪᠠᠶᠢᠭᠤᠯᠭ᠎ᠠ ᠨᠢ ᠠᠷᠭ᠎ᠠ ᠭᠡᠮᠵᠢᠶ᠎ᠡ ᠠᠪᠴᠤ ᠪᠠᠶᠢᠭᠠᠥᠨ ᠠᠷᠠᠥᠨ ᠢᠷᠭᠡᠥᠨ ᠤᠨ ᠨᠡᠷ᠎ᠡ  ᠮᠡᠳᠡᠬᠦᠯᠦᠨ ᠰᠢᠯᠭᠠᠬᠤ ᠳᠤ ᠲᠦᠬᠦᠮ ᠦᠵᠡᠬᠦᠯᠬᠦ ᠭᠡᠷᠡᠭᠳᠡᠢ᠃                         ᠬᠤᠷᠢᠨ ᠲᠤᠯᠤᠳᠤᠭᠠᠷ ᠵᠦᠢᠯ     ᠠᠯᠪᠠᠳᠠᠨ ᠡᠯᠰᠡᠨ ᠭᠡᠷᠡᠭᠯᠡᠬᠦ ᠪᠠᠶᠢᠭᠤᠯᠭ᠎ᠠ ᠠᠴᠠ ᠮᠡᠳᠡᠬᠦᠯᠦᠨ  ᠰᠢᠯᠭᠠᠭᠤᠯᠬᠤ ᠭᠢᠷᠢ ᠭᠡᠮ ᠤᠨ ᠨᠦᠬᠦᠴᠡᠯ ᠢ ᠦᠨᠳᠦᠰᠦᠯᠡᠵᠦ ᠮᠡᠳᠡᠬᠦᠯᠦᠨ ᠰᠢᠯᠭᠠᠭᠤᠯᠤᠭᠰᠠᠥᠨ ᠤᠨ ᠭᠤᠶᠤᠴᠢᠯᠠᠯ ᠢ  ᠬᠢᠨᠠᠨ ᠪᠠᠶᠢᠴᠠᠭᠠᠨ᠎ᠠ᠃ ᠰᠢᠯᠭᠠᠭᠤᠯᠤᠭᠰᠠᠥᠨ ᠤᠨ ᠲᠤᠰᠢᠶᠠᠭᠰᠠᠨ ᠭᠤᠶᠤᠴᠢᠯᠠᠯ ᠨᠢ ᠵᠠᠪᠠᠯ ᠦᠨᠡᠨ ᠪᠤᠳᠠᠳᠠᠢ ᠵᠦᠪ  ᠤᠨᠤᠪᠴᠢᠳᠠᠢ ᠪᠠᠶᠢᠬᠤ ᠭᠡᠷᠡᠭᠳᠡᠢ ᠃                          ᠬᠤᠷᠢᠨ ᠨᠠᠢᠮᠠᠳᠤᠭᠠᠷ ᠵᠦᠢᠯ     ᠠᠯᠪᠠᠳᠠᠨ ᠡᠯᠰᠡᠨ ᠭᠡᠷᠡᠭᠯᠡᠬᠦ ᠰᠢᠯᠭᠠᠯᠳᠠ ᠶᠢ ᠪᠢᠷ ᠢᠶᠠᠷ ᠰᠢᠯᠭᠠᠬᠤ ᠪᠠ  ᠨᠢᠭᠤᠷᠳᠠᠨ ᠰᠢᠯᠭᠠᠬᠤ ᠠᠷᠭ᠎ᠠ ᠪᠠᠷ ᠶᠠᠪᠤᠭᠳᠠᠭᠤᠯᠤᠨ᠎ᠠ᠂ ᠰᠢᠯᠭᠠᠯᠳᠠ ᠶᠢᠨ ᠠᠭᠤᠯᠭ᠎ᠠ ᠶᠢ ᠠᠯᠪᠠᠳᠠᠨ ᠤ  ᠪᠦᠷᠢᠯᠳᠦᠬᠦᠯᠪᠡᠰᠦ ᠵᠤᠬᠢᠬᠤ ᠦᠨᠳᠦᠰᠦᠨ ᠴᠢᠳᠠᠪᠤᠷᠢ ᠬᠢᠭᠡᠥᠨ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠲᠦᠷᠦᠯ  ᠬᠤᠪᠢᠶᠠᠷᠢ ᠶᠢ ᠨᠢ ᠦᠨᠳᠦᠰᠦᠯᠡᠨ ᠢᠯᠭᠠᠨ ᠪᠠᠶᠢᠷᠢᠯᠠᠭᠤᠯᠬᠤ ᠭᠡᠷᠡᠭᠳᠡᠢ᠃                         ᠬᠤᠷᠢ ᠶᠢᠰᠦᠳᠦᠭᠡᠷ ᠵᠦᠢᠯ     ᠡᠯᠰᠡᠬᠦ ᠪᠠᠶᠢᠭᠤᠯᠭ᠎ᠠ ᠠᠴᠠ ᠰᠢᠯᠭᠠᠯᠳᠠ ᠶᠢᠨ ᠬᠢᠷᠢ ᠪᠦᠳᠦᠮᠵᠢ ᠶᠢ  ᠦᠨᠳᠦᠰᠦᠯᠡᠵᠦ ᠪᠠᠶᠢᠭᠠᠥᠨ ᠰᠢᠯᠭᠠᠨ ᠪᠠᠶᠢᠴᠠᠭᠠᠬᠤ ᠳᠤ ᠰᠤᠩᠭᠤᠭᠳᠠᠭᠰᠠᠤᠨ ᠢ ᠲᠤᠭᠳᠠᠭᠠᠨ᠂ ᠲᠡᠳᠡᠨᠡᠷ ᠤᠨ ᠨᠡᠷ᠎ᠡ  ᠮᠡᠳᠡᠬᠦᠯᠦᠨ ᠰᠢᠯᠭᠠᠭᠤᠯᠬᠤ ᠬᠢᠷᠢ ᠭᠡᠮ ᠢ ᠨᠢ ᠲᠠᠪᠳᠠᠨ ᠬᠢᠨᠠᠵᠤ᠂ ᠰᠢᠯᠭᠠᠨ ᠪᠠᠶᠢᠴᠠᠭᠠᠬᠤ ᠪᠠ ᠪᠡᠶ᠎ᠡ ᠮᠠᠬᠠᠪᠤᠤᠨ ᠤᠨ  ᠪᠠᠶᠢᠴᠠᠭᠠᠯᠳᠠ ᠬᠢᠨ᠎ᠡ᠃ ᠪᠡᠶ᠎ᠡ ᠮᠠᠬᠠᠪᠤᠤᠨ ᠢ ᠪᠠᠶᠢᠴᠠᠭᠠᠬᠤ ᠲᠦᠷᠦᠯ ᠵᠦᠢᠯ ᠪᠤᠯᠤᠨ ᠪᠠᠷᠢᠮᠵᠢᠶ᠎ᠠ ᠶᠢ ᠲᠤᠰᠢᠶᠠᠯ ᠤᠨ  ᠪᠠᠶᠢᠷᠢ ᠶᠢᠨ ᠱᠠᠭᠠᠷᠳᠠᠯᠭ᠎ᠠ ᠶᠢ ᠦᠨᠳᠦᠰᠦᠯᠡᠵᠤ ᠲᠤᠭᠳᠠᠭᠠᠨ᠎ᠠ᠃ ᠪᠤᠳᠠᠳᠠᠢ ᠠᠷᠭ᠎ᠠ ᠶᠢ ᠲᠦᠪ ᠤᠨ ᠠᠯᠪᠠᠳᠠᠨ ᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ  ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃                        ᠭᠤᠴᠢᠳᠤᠭᠠᠷ ᠵᠦᠢᠯ     ᠡᠯᠰᠡᠨ ᠭᠡᠷᠡᠭᠯᠡᠬᠦ ᠪᠠᠶᠢᠭᠤᠯᠭ᠎ᠠ ᠠᠴᠠ ᠰᠢᠯᠭᠠᠯᠳᠠ ᠶᠢᠨ ᠬᠢᠷᠢ ᠪᠦᠳᠦᠮᠵᠢ᠂  ᠰᠢᠯᠭᠠᠨ ᠪᠠᠶᠢᠴᠠᠭᠠᠭᠰᠠᠨ ᠪᠠᠶᠢᠳᠠᠯ ᠬᠢᠭᠡᠥᠨ ᠪᠡᠶ᠎ᠡ ᠮᠠᠬᠠᠪᠤᠤᠨ ᠪᠠᠶᠢᠴᠠᠭᠠᠭᠰᠠᠨ ᠦᠷ᠎ᠡ ᠳ᠋ᠥᠩ ᠢ ᠦᠨᠳᠦᠰᠦᠯᠡᠵᠦ᠂  ᠵᠢᠱᠢᠨ ᠡᠯᠰᠡᠬᠦ ᠬᠦᠮᠦᠰ ᠤᠨ ᠨᠡᠷᠡᠰ ᠢ ᠭᠠᠷᠭᠠᠬᠤ ᠮᠦᠷᠳᠡᠭᠡᠨ ᠵᠠᠷᠯᠠᠨ ᠨᠡᠶᠢᠳᠡᠯᠡᠨ᠎ᠡ᠃ ᠵᠠᠷᠯᠠᠨ ᠨᠡᠶᠢᠳᠡᠯᠡᠬᠦ  ᠬᠤᠭᠤᠴᠠᠭ᠎ᠠ ᠲᠠᠭᠤᠰᠪᠠᠯ ᠲᠦᠪ ᠤᠨ ᠱᠠᠳᠤᠨ ᠤ ᠡᠯᠰᠡᠨ ᠭᠡᠷᠡᠭᠯᠡᠬᠦ ᠪᠠᠶᠢᠭᠤᠯᠭ᠎ᠠ ᠨᠢ ᠡᠯᠰᠡᠨ ᠭᠡᠷᠡᠭᠯᠡᠬᠦ ᠪᠠᠷ ᠵᠢᠱᠢᠵᠦ  ᠪᠠᠶᠢᠭ᠎ᠠ ᠬᠦᠮᠦᠰ ᠤᠨ ᠨᠡᠷᠡᠰ ᠢ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ  ᠲᠠᠩᠰᠠᠯᠠᠭᠤᠯᠤᠨ᠎ᠠ︔ ᠤᠷᠤᠨ ᠨᠤᠳᠤᠭ ᠤᠨ ᠡᠯ᠎ᠡ ᠱᠠᠳᠤᠨ ᠤ ᠡᠯᠰᠡᠨ ᠭᠡᠷᠡᠭᠯᠡᠬᠦ ᠪᠠᠶᠢᠭᠤᠯᠭ᠎ᠠ ᠨᠢ ᠡᠯᠰᠡᠨ ᠭᠡᠷᠡᠭᠯᠡᠬᠦ  ᠪᠠᠷ ᠵᠢᠱᠢᠵᠦ ᠪᠠᠶᠢᠭ᠎ᠠ ᠬᠦᠮᠦᠰ ᠤᠨ ᠨᠡᠷᠡᠰ ᠢ ᠮᠤᠵᠢ ᠶᠢᠨ ᠱᠠᠳᠤ ᠪᠤᠶᠤ ᠲᠤᠭᠤᠷᠢᠭ ᠲᠠᠢ ᠬᠤᠳᠠ ᠶᠢᠨ ᠱᠠᠳᠤᠨ ᠤ  ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠦᠨ᠎ᠡ᠃                        ᠭᠤᠴᠢᠨ ᠨᠢᠭᠡᠳᠦᠭᠡᠷ ᠵᠦᠢᠯ     ᠤᠨᠴᠠ ᠲᠤᠰᠢᠶᠠᠯ ᠤᠨ ᠪᠠᠶᠢᠷᠢ ᠶᠢᠨ ᠠᠯᠪᠠᠳᠠᠨ ᠢ ᠭᠡᠷᠡᠭᠯᠡᠬᠦ ᠳᠡᠭᠡᠨ ᠮᠤᠵᠢ  ᠶᠢᠨ ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠨ  ᠵᠢᠷᠤᠮ ᠢ ᠬᠢᠯᠪᠠᠷᠴᠢᠯᠠᠬᠤ ᠪᠤᠶᠤ ᠡᠰᠡᠬᠦᠯ᠎ᠡ ᠪᠤᠰᠤᠤᠨ ᠰᠢᠯᠭᠠᠨ ᠦᠨᠡᠯᠡᠬᠦ ᠠᠷᠭ᠎ᠠ ᠶᠢ ᠭᠡᠷᠡᠭᠯᠡᠵᠦ ᠪᠤᠯᠤᠨ᠎ᠠ᠃                   ᠭᠤᠴᠢᠨ ᠬᠤᠶᠠᠳᠤᠭᠠᠷ ᠵᠦᠢᠯ     ᠰᠢᠨ᠎ᠡ ᠡᠯᠰᠡᠨ ᠭᠡᠷᠡᠭᠯᠡᠬᠦ ᠠᠯᠪᠠᠳᠠᠨ ᠤ ᠲᠤᠷᠰᠢᠨ ᠭᠡᠷᠡᠭᠯᠡᠬᠦ ᠬᠤᠭᠤᠴᠠᠭ᠎ᠠ  ᠨᠢ ᠨᠢᠭᠡ ᠵᠢᠯ ᠪᠤᠯᠤᠨ᠎ᠠ᠃ ᠲᠤᠷᠰᠢᠨ ᠭᠡᠷᠡᠭᠯᠡᠬᠦ ᠬᠤᠭᠤᠴᠠᠭ᠎ᠠ ᠨᠢ ᠲᠠᠭᠤᠰᠤᠭᠠᠥᠨ ᠬᠢᠷᠢ ᠲᠡᠩᠴᠡᠭᠰᠡᠥᠨ ᠢ  ᠲᠤᠰᠢᠶᠠᠯ ᠳᠤ  ᠲᠤᠮᠢᠯᠠᠨ᠎ᠠ︔  ᠬᠢᠷᠢ ᠦᠯᠦ ᠲᠡᠩᠴᠡᠭᠰᠡᠥᠨ ᠢ ᠡᠯᠰᠡᠨ ᠭᠡᠷᠡᠭᠯᠡᠬᠦ ᠶᠢ ᠬᠦᠴᠦᠨ ᠦᠭᠡᠢ ᠪᠤᠯᠭᠠᠨ᠎ᠠ᠃        
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ