ᠠᠯᠪᠠᠲᠠᠨ ᠤ ᠬᠠᠥᠯᠢ ︵ᠵᠢᠷᠭᠤᠭ᠎ᠠ︶
ᠨᠡᠶᠢᠲᠡᠯᠡᠭᠰᠡᠨ ᠴᠠᠭ᠄
2022/9/14
                ᠶᠢᠰᠦᠳᠦᠭᠡᠷ ᠪᠦᠯᠦᠭ     ᠵᠠᠯᠬᠠᠭᠠᠨ ᠴᠡᠭᠡᠷᠯᠡᠬᠦᠯᠬᠦ                          ᠲᠠᠪᠢᠨ ᠭᠤᠷᠪᠠᠳᠤᠭᠠᠷ ᠵᠦᠢᠯ     ᠠᠯᠪᠠᠳᠠᠨ ᠰᠠᠬᠢᠯᠭ᠎ᠠ ᠪᠠᠳᠤ ᠶᠢ ᠵᠢᠷᠤᠮᠯᠠᠨ ᠰᠠᠬᠢᠬᠤ ᠭᠡᠷᠡᠭᠳᠡᠢ᠂ ᠲᠤᠤᠷᠠᠬᠢ  ᠮᠡᠳᠦ ᠦᠢᠯᠨ ᠠᠵᠢᠯᠯᠠᠭ᠎ᠠ ᠪᠠᠶᠢᠵᠤ ᠪᠤᠯᠬᠤ ᠦᠭᠡᠢ᠄ ︵ᠨᠢᠭᠡ︶ ᠤᠯᠤᠰ ᠤᠨ ᠨᠡᠷ᠎ᠡ ᠲᠦᠷᠦ ᠶᠢ ᠬᠤᠬᠢᠷᠠᠭᠤᠯᠤᠭᠰᠠᠨ  ᠦᠭᠡ  ᠶᠠᠷᠢᠶ᠎ᠠ ᠲᠠᠷᠬᠠᠭᠠᠬᠤ᠂ ᠤᠯᠤᠰ ᠢ ᠡᠰᠡᠷᠬᠦᠴᠡᠬᠦ ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ  ᠶᠠᠪᠤᠭᠤᠯᠬᠤ᠂ ᠰᠦᠷ ᠦᠵᠡᠬᠦᠯᠬᠦ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ︔  ︵ᠬᠤᠶᠠᠷ︶ ᠬᠠᠥᠯᠢ  ᠪᠤᠰᠤ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ᠂  ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ︔ ︵ᠭᠤᠷᠪᠠ︶ ᠡᠭᠦᠷᠭᠡ  ᠲᠤᠰᠢᠶᠠᠯ ᠳᠠᠭᠠᠨ ᠠᠯᠮᠠᠶᠢᠷᠠᠨ ᠤᠰᠤᠯᠳᠤᠵᠤ᠂ ᠠᠵᠢᠯ ᠶᠠᠪᠤᠳᠠᠯ ᠢᠶᠠᠨ ᠰᠠᠭᠠᠳᠠᠭᠠᠬᠤ︔ ︵ᠲᠦᠷᠪᠡ︶ ᠲᠡᠭᠡᠳᠦ  ᠱᠠᠳᠤᠨ ᠤ ᠬᠠᠥᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠠᠷᠯᠢᠭ ᠢ ᠭᠡᠷᠡᠭᠵᠢᠬᠦᠯᠬᠦ  ᠶᠢ ᠲᠡᠪᠴᠢᠬᠦ︔ ︵ᠲᠠᠪᠤ︶ ᠰᠢᠬᠦᠮᠵᠢᠯᠡᠯ ᠢ ᠲᠠᠷᠤᠵᠤ᠂ ᠬᠠᠷᠢᠭᠤ ᠠᠪᠴᠤ ᠴᠤᠬᠢᠯᠳᠠ ᠦᠭᠬᠦ︔ ︵ᠵᠢᠷᠭᠤᠭ᠎ᠠ︶ ᠤᠪ ᠮᠡᠭᠡ ᠭᠠᠷᠭᠠᠵᠤ  ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ ᠬᠦᠳᠦᠯᠬᠦ ᠪᠡ ᠮᠡᠭᠡᠯᠡᠬᠦ︔ ︵ᠲᠤᠯᠤᠭ᠎ᠠ︶ ᠱᠠᠮᠰᠢᠬᠤ᠂   ᠭᠡᠭᠡᠯᠢ ᠲᠦᠯᠬᠢᠬᠦ᠂ ᠬᠠᠭ᠋ᠤᠤᠯᠢ ᠢᠳᠡᠬᠦ᠂ ᠲᠤᠰᠢᠶᠠᠯ ᠢᠶᠠᠨ ᠠᠰᠢᠭᠯᠠᠨ ᠠᠮᠢᠨ ᠳᠠᠭᠠᠨ  ᠪᠤᠶᠤ ᠪᠤᠰᠤᠤᠨ ᠲᠤ ᠬᠤᠪᠢ  ᠶᠢᠨ ᠠᠰᠢᠭ ᠤᠯᠭᠤᠬᠤ︔ ︵ᠨᠠᠢᠮᠨ︶  ᠡᠳ᠋ ᠤᠨ ᠵᠠᠰᠠᠭ ᠤᠨ ᠰᠠᠬᠢᠯᠭ᠎ᠠ ᠪᠠᠳᠤ ᠶᠢ ᠵᠦᠷᠢᠴᠡᠵᠦ᠂ ᠤᠯᠤᠰ ᠤᠨ ᠡᠳ᠋  ᠮᠦᠡᠭᠭᠦ ᠶᠢ ᠪᠦᠷᠢᠯᠭᠡᠬᠦ︔ ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ ᠠᠷᠠᠥᠨ᠂ ᠬᠠᠥᠯᠢ ᠶᠢᠨ  ᠬᠦᠮᠦᠨ ᠪᠤᠶᠤ  ᠪᠤᠰᠤᠤᠨ ᠵᠤᠬᠢᠶᠠᠨ ᠪᠠᠶᠢᠭᠤᠯᠤᠯᠳᠠ ᠶᠢᠨ ᠬᠠᠥᠯᠢ ᠶᠤᠰᠤᠨ ᠤ ᠡᠷᠭᠡ ᠠᠰᠢᠭ ᠲᠤ ᠬᠠᠯᠳᠠᠬᠤ︔ ︵  ᠠᠷᠪᠠ︶ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ︔ ︵ᠠᠷᠪᠠᠨ ᠨᠢᠭᠡ︶ ᠭᠠᠳᠠᠭᠠᠳᠤ  ᠬᠠᠷᠢᠯᠴᠠᠭᠠᠨ ᠤ ᠠᠵᠢᠯᠯᠠᠭ᠎ᠠ ᠲᠤᠮᠳᠠ ᠤᠯᠤᠰ ᠤᠨ ᠨᠡᠷ᠎ᠡ ᠲᠦᠷᠦ ᠪᠤᠯᠤᠨ ᠠᠰᠢᠭ  ᠲᠤᠰᠠ ᠶᠢ ᠬᠤᠬᠢᠷᠠᠭᠤᠯᠬᠤ︔ ︵  ᠠᠷᠪᠠᠨ ᠬᠤᠶᠠᠷ︶ ᠱᠠᠯᠢᠭ ᠵᠠᠪᠠᠭ᠋ᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ ᠵᠡᠷᠭᠡ  ᠠᠵᠢᠯᠯᠠᠭ᠎ᠠ ᠳᠤ ᠤᠷᠤᠯᠴᠠᠬᠤ ᠪᠤᠶᠤ ᠲᠡᠬᠦᠨ ᠢ ᠲᠡᠮᠵᠢᠬᠦ︔ ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂  ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ ᠵᠦᠷᠢᠴᠡᠬᠦ︔ ︵ᠠᠷᠪᠠᠨ ᠲᠦᠷᠪᠡ︶ ᠠᠰᠢᠭ ᠬᠤᠨᠵᠢᠪᠤᠷᠢ  ᠬᠦᠭᠡᠭᠡᠴᠡᠯᠳᠦᠬᠦ ᠴᠢᠨᠠᠷᠳᠠᠢ ᠠᠵᠢᠯᠯᠠᠭ᠎ᠠ ᠶᠢ ᠡᠷᠬᠢᠯᠡᠬᠦ  ᠪᠤᠶᠤ ᠤᠷᠤᠯᠴᠠᠬᠤ᠂ ᠠᠵᠤ ᠠᠬᠤᠢᠢᠯᠠᠯ ᠪᠤᠶᠤ ᠪᠤᠰᠤᠤᠨ  ᠠᠰᠢᠭ ᠬᠤᠨᠵᠢᠪᠤᠷᠢ ᠬᠦᠭᠡᠭᠡᠴᠡᠯᠳᠦᠬᠦ ᠴᠢᠨᠠᠷᠳᠠᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠬᠠᠪᠰᠤᠷᠭᠠᠨ ᠡᠭᠦᠷᠭᠡᠯᠡᠬᠦ︔ ︵ᠠᠷᠪᠠᠨ ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ ᠪᠠ ᠴᠢᠯᠦᠭᠡ ᠭᠤᠶᠤᠭᠰᠠᠨ  ᠬᠤᠭᠤᠴᠠᠭ᠎ᠠ ᠨᠢ ᠲᠤᠯᠤᠭᠠᠥᠨ ᠵᠦᠢ ᠶᠤᠰᠤᠨ ᠤ ᠤᠴᠢᠷ  ᠰᠢᠯᠳᠠᠭᠠᠨ ᠦᠭᠡᠢ ᠪᠠᠷ ᠲᠤᠭᠳᠠᠭᠰᠠᠨ  ᠬᠤᠭᠤᠴᠠᠭᠠᠨ ᠳᠠᠭᠠᠨ  ᠦᠯᠦ ᠪᠤᠴᠠᠭᠰᠠᠥᠨ︔ ︵ᠠᠷᠪᠠᠨ ᠵᠢᠷᠭᠤᠭ᠎ᠠ︶ ᠰᠠᠬᠢᠯᠭ᠎ᠠ ᠪᠠᠳᠤ ᠶᠢ ᠵᠦᠷᠢᠴᠡᠭᠰᠡᠨ  ᠪᠤᠰᠤᠤᠨ ᠠᠵᠢᠯᠯᠠᠭ᠎ᠠ ᠨᠤᠭᠤᠳ᠃                          ᠲᠠᠪᠢᠨ ᠲᠦᠷᠪᠡᠳᠦᠭᠡᠷ ᠵᠦᠢᠯ     ᠠᠯᠪᠠᠳᠠᠨ ᠠᠯᠪᠠᠨ ᠠᠵᠢᠯ ᠬᠦᠢᠴᠡᠥᠨᠭᠡᠬᠦ ᠳᠡᠭᠡᠨ᠂ ᠲᠡᠭᠡᠳᠦ ᠱᠠᠳᠤᠨ ᠤ  ᠲᠤᠭᠳᠠᠭᠠᠯ ᠪᠤᠶᠤ ᠵᠠᠷᠯᠢᠭ ᠢ ᠪᠤᠷᠤᠭᠤ ᠭᠡᠵᠦ ᠦᠵᠡᠪᠡᠯ᠂ ᠲᠡᠭᠡᠳᠦ ᠱᠠᠳᠤᠨ ᠳᠠᠭᠠᠨ ᠲᠤᠰ ᠲᠤᠭᠳᠠᠭᠠᠯ ᠪᠤᠶᠤ  ᠵᠠᠷᠯᠢᠭ ᠢ ᠦᠭᠡᠷᠡᠴᠢᠯᠡᠬᠦ ᠪᠤᠶᠤ ᠬᠦᠴᠦᠨ ᠦᠭᠡᠢ ᠪᠤᠯᠭᠠᠬᠤ ᠰᠠᠨᠠᠯ ᠢᠶᠠᠨ ᠲᠤᠷᠠᠥᠨᠴᠤ ᠪᠤᠯᠤᠨ᠎ᠠ︔ ᠲᠡᠭᠡᠳᠦ ᠱᠠᠳᠤ  ᠨᠢ ᠲᠤᠭᠳᠠᠭᠠᠯ ᠪᠤᠶᠤ ᠵᠠᠷᠯᠢᠭ ᠢᠶᠠᠨ ᠦᠭᠡᠷᠡᠴᠢᠯᠡᠬᠦ ᠦᠭᠡᠢ᠂ ᠡᠰᠡᠬᠦᠯ᠎ᠡ ᠲᠠᠷᠤᠢ ᠳᠤᠨᠢ ᠭᠡᠷᠡᠭᠵᠢᠬᠦᠯᠬᠦ ᠪᠠᠷ  ᠱᠠᠭᠠᠷᠳᠠᠪᠠᠯ ᠠᠯᠪᠠᠳᠠᠨ ᠲᠤᠰ ᠲᠤᠭᠳᠠᠭᠠᠯ ᠪᠤᠶᠤ ᠵᠠᠷᠯᠢᠭ ᠢ ᠬᠦᠢᠴᠡᠥᠨᠭᠡᠪᠡᠯ ᠵᠤᠬᠢᠨ᠎ᠠ᠂ ᠬᠦᠢᠴᠡᠥᠨᠭᠡᠭᠰᠡᠨ ᠦᠷ᠎ᠡ  ᠳ᠋ᠥᠩ ᠢ ᠲᠡᠭᠡᠳᠦ ᠱᠠᠳᠤ ᠨᠢ ᠬᠠᠷᠢᠭᠤᠴᠠᠨ᠎ᠠ᠂ ᠠᠯᠪᠠᠳᠠᠨ ᠬᠠᠷᠢᠭᠤᠴᠠᠯᠭ᠎ᠠ ᠡᠭᠦᠷᠭᠡᠯᠡᠬᠦ ᠦᠭᠡᠢ︔ ᠭᠡᠪᠡᠴᠦ ᠠᠯᠪᠠᠳᠠᠨ  ᠢᠯᠡᠥᠨᠳᠡ ᠬᠠᠥᠯᠢ ᠶᠢ ᠵᠦᠷᠢᠴᠡᠭᠰᠡᠨ ᠲᠤᠭᠳᠠᠭᠠᠯ ᠪᠤᠶᠤ ᠵᠠᠷᠯᠢᠭ ᠢ ᠬᠦᠢᠴᠡᠥᠨᠭᠡᠭᠰᠡᠨ ᠪᠠᠶᠢᠪᠠᠯ ᠬᠠᠥᠯᠢ ᠶᠤᠰᠤᠭᠠᠷ  ᠵᠤᠬᠢᠬᠤ ᠬᠠᠷᠢᠭᠤᠴᠠᠯᠭ᠎ᠠ ᠡᠭᠦᠷᠭᠡᠯᠡᠬᠦ ᠶᠤᠰᠤᠳᠠᠢ᠃                         ᠲᠠᠪᠢᠨ ᠲᠠᠪᠤᠳᠤᠭᠠᠷ ᠵᠦᠢᠯ     ᠠᠯᠪᠠᠳᠠᠨ ᠬᠠᠥᠯᠢ ᠶᠢ ᠵᠦᠷᠢᠴᠡᠨ ᠰᠠᠬᠢᠯᠭ᠎ᠠ ᠪᠠᠳᠤ ᠶᠢ ᠵᠦᠷᠢᠴᠡᠭᠰᠡᠨ ᠠᠴᠠ  ᠪᠤᠯᠤᠭᠠᠥᠨ ᠰᠠᠬᠢᠯᠭ᠎ᠠ ᠪᠠᠳᠤ ᠶᠢᠨ ᠬᠠᠷᠢᠭᠤᠴᠠᠯᠭ᠎ᠠ ᠡᠭᠦᠷᠭᠡᠯᠡᠬᠦ ᠶᠤᠰᠤᠳᠠᠢ ᠪᠠᠶᠢᠪᠠᠯ ᠲᠤᠰ ᠬᠠᠥᠯᠢ ᠶᠢ ᠦᠨᠳᠦᠰᠦᠯᠡᠵᠦ  ᠰᠢᠥᠨᠭᠡᠯ ᠤᠯᠭᠤᠨ᠎ᠠ︔ ᠰᠠᠬᠢᠯᠭ᠎ᠠ ᠪᠠᠳᠤ ᠶᠢ ᠵᠦᠷᠢᠴᠡᠭᠰᠡᠨ ᠦᠢᠯᠨ ᠪᠠᠶᠢᠳᠠᠯ  ᠨᠢ ᠬᠦᠡᠭᠭᠡᠨ ᠪᠦᠭᠡᠥᠨ ᠰᠢᠬᠦᠮᠵᠢᠯᠡᠵᠦ  ᠰᠤᠷᠭᠠᠭᠠᠥᠨ ᠵᠠᠯᠠᠷᠠᠭᠤᠯᠤᠭᠰᠠᠨ ᠪᠠᠶᠢᠪᠠᠯ ᠰᠢᠥᠨᠭᠡᠯ ᠦᠭᠬᠦ ᠠᠴᠠ ᠭᠡᠯᠳᠦᠷᠢᠬᠦᠯᠵᠦ ᠪᠤᠯᠤᠨ᠎ᠠ᠃                          ᠲᠠᠪᠢᠨ ᠵᠢᠷᠭᠤᠳᠤᠭᠠᠷ ᠵᠦᠢᠯ     ᠰᠢᠥᠨᠭᠡᠯ ᠢ ᠲᠤᠩᠭᠤᠤᠬᠤ᠂ ᠤᠰᠤᠯ ᠲᠡᠮᠳᠡᠭᠯᠡᠬᠦ᠂ ᠲᠤᠮᠤ ᠤᠰᠤᠯ  ᠲᠡᠮᠳᠡᠭᠯᠡᠬᠦ᠂ ᠲᠡᠰ ᠢ ᠪᠠᠭᠤᠷᠠᠭᠤᠯᠬᠤ᠂ ᠲᠤᠰᠢᠶᠠᠯ  ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠵᠡᠷᠭᠡ  ᠪᠠᠷ ᠬᠤᠪᠢᠶᠠᠨ᠎ᠠ᠃                        ᠲᠠᠪᠢᠨ ᠲᠤᠯᠤᠳᠤᠭᠠᠷ ᠵᠦᠢᠯ     ᠠᠯᠪᠠᠳᠠᠨ ᠳᠤ ᠦᠭᠬᠦ ᠰᠢᠥᠨᠭᠡᠯ ᠨᠢ ᠪᠤᠳᠠᠳᠤ ᠭᠡᠷᠡᠭ ᠨᠢ ᠲᠤᠳᠤᠷᠬᠠᠢ᠂  ᠭᠡᠷᠡᠴᠢ ᠪᠠᠷᠢᠮᠳᠠ ᠨᠢ ᠦᠨᠡᠨ ᠪᠤᠳᠠᠳᠠᠢ᠂ ᠴᠢᠨᠠᠷ ᠢ ᠲᠤᠭᠳᠠᠭᠠᠭᠰᠠᠨ ᠨᠢ ᠤᠨᠤᠪᠴᠢᠳᠠᠢ᠂ ᠰᠢᠢᠥᠨᠪᠦᠷᠢᠯᠡᠭᠰᠡᠨ ᠨᠢ  ᠲᠤᠬᠢᠷᠠᠮᠵᠢᠳᠠᠢ᠂ ᠵᠢᠷᠤᠮ ᠨᠢ ᠬᠠᠥᠯᠢ ᠳᠤ ᠨᠡᠶᠢᠴᠡᠭᠰᠡᠨ᠂ ᠭᠠᠷ ᠬᠦᠢᠴᠡᠥᠨᠭᠡᠯ ᠨᠢ ᠪᠦᠷᠢᠨ ᠬᠦᠢᠴᠡᠥᠨ ᠪᠠᠶᠢᠬᠤ  ᠭᠡᠷᠡᠭᠳᠡᠢ᠃ ᠠᠯᠪᠠᠳᠠᠨ ᠰᠠᠬᠢᠯᠭ᠎ᠠ ᠪᠠᠳᠤ ᠶᠢ ᠵᠦᠷᠢᠴᠡᠪᠡᠯ ᠰᠢᠥᠨᠭᠡᠯ ᠢ ᠲᠤᠭᠳᠠᠭᠠᠬᠤ ᠪᠠᠶᠢᠭᠤᠯᠭ᠎ᠠ ᠠᠴᠠ ᠠᠯᠪᠠᠳᠠᠨ ᠤ  ᠰᠠᠬᠢᠯᠭ᠎ᠠ  ᠪᠠᠳᠤ ᠶᠢ  ᠵᠦᠷᠢᠴᠡᠭᠰᠡᠨ ᠪᠠᠶᠢᠳᠠᠯ ᠳᠤ ᠪᠠᠶᠢᠴᠠᠭᠠᠯᠳᠠ ᠬᠢᠵᠦ᠂ ᠪᠠᠶᠢᠴᠠᠭᠠᠨ ᠨᠤᠳᠠᠯᠠᠭᠰᠠᠨ ᠪᠤᠳᠠᠳᠤ  ᠭᠡᠷᠡᠭ ᠵᠢᠴᠢ ᠰᠢᠥᠨᠭᠡᠯ ᠦᠭᠬᠦ ᠪᠠᠷ  ᠵᠢᠱᠢᠵᠦ ᠪᠦᠬᠦᠢ ᠦᠨᠳᠦᠰᠦ ᠪᠠᠷᠢᠮᠳᠠ  ᠶᠢ ᠠᠯᠪᠠᠳᠠᠨ ᠬᠤᠪᠢ ᠬᠦᠮᠦᠨ ᠳᠤ  ᠮᠡᠳᠡᠭᠳᠡᠬᠦ ᠭᠡᠷᠡᠭᠳᠡᠢ᠃ ᠠᠯᠪᠠᠳᠠᠨ ᠭᠡᠯᠡᠵᠦ ᠲᠤᠳᠤᠷᠬᠠᠢᠢᠯᠠᠬᠤ᠂ ᠲᠠᠶᠢᠯᠪᠤᠷᠢᠯᠠᠬᠤ ᠡᠷᠭᠡ ᠲᠠᠢ᠃ ᠰᠢᠥᠨᠭᠡᠯ ᠢ  ᠲᠤᠭᠳᠠᠭᠠᠬᠤ ᠪᠠᠶᠢᠭᠤᠯᠭ᠎ᠠ ᠠᠴᠠ ᠠᠯᠪᠠᠳᠠᠨ ᠳᠤ ᠰᠢᠥᠨᠭᠡᠯ ᠦᠭᠬᠦ ᠶᠤᠰᠤᠳᠠᠢ ᠭᠡᠵᠦ ᠦᠵᠡᠪᠡᠯ᠂ ᠬᠠᠥᠯᠢ  ᠪᠠᠷ  ᠲᠤᠭᠳᠠᠭᠠᠭᠰᠠᠨ ᠬᠤᠭᠤᠴᠠᠭᠠᠨ ᠲᠤᠳᠤᠷ᠎ᠠ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠪᠠ ᠲᠤᠭᠳᠠᠭᠰᠠᠨ   ᠵᠢᠷᠤᠮ ᠶᠤᠰᠤᠭᠠᠷ ᠰᠢᠥᠨᠭᠡᠯ ᠦᠭᠬᠦ ᠲᠤᠭᠳᠠᠭᠠᠯ ᠭᠠᠷᠭᠠᠬᠤ ᠭᠡᠷᠡᠭᠳᠡᠢ᠃ ᠰᠢᠥᠨᠭᠡᠯ ᠦᠭᠬᠦ ᠲᠤᠭᠳᠠᠭᠠᠯ ᠢ ᠪᠢᠴᠢᠭ ᠤᠨ   ᠭᠡᠯᠪᠡᠷᠢ ᠪᠠᠷ ᠠᠯᠪᠠᠳᠠᠨ ᠤ ᠲᠤᠰ ᠪᠡᠶ᠎ᠡ ᠳᠤ ᠮᠡᠳᠡᠭᠳᠡᠬᠦ ᠭᠡᠷᠡᠭᠳᠡᠢ᠃                          ᠲᠠᠪᠢᠨ ᠨᠠᠢᠮᠠᠳᠤᠭᠠᠷ ᠵᠦᠢᠯ     ᠰᠢᠥᠨᠭᠡᠯ ᠤᠯᠭᠤᠬᠤ ᠬᠤᠭᠤᠴᠠᠭᠠᠨ ᠳᠤ ᠠᠯᠪᠠᠳᠠᠨ ᠤ ᠲᠤᠰᠢᠶᠠᠯ ᠪᠠ  ᠲᠡᠰ ᠢ ᠨᠢ ᠲᠡᠪᠰᠢᠬᠦᠯᠵᠦ ᠪᠤᠯᠬᠤ ᠦᠭᠡᠢ᠂ ᠡᠭᠦᠨ ᠳᠤ ᠤᠰᠤᠯ ᠲᠡᠮᠳᠡᠭᠯᠡᠬᠦ᠂ ᠲᠤᠮᠤ ᠤᠰᠤᠯ ᠲᠡᠮᠳᠡᠭᠯᠡᠬᠦ᠂ ᠲᠡᠰ ᠢ  ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠰᠢᠥᠨᠭᠡᠯ ᠤᠯᠤᠭᠰᠠᠨ ᠪᠤᠯ ᠴᠠᠯᠢᠩ ᠤᠨ ᠲᠡᠰ ᠢ ᠨᠢ  ᠦᠰᠭᠡᠵᠦ ᠪᠤᠯᠬᠤ ᠦᠭᠡᠢ᠃ ᠰᠢᠥᠨᠭᠡᠯ ᠤᠯᠭᠤᠬᠤ ᠬᠤᠭᠤᠴᠠᠭ᠎ᠠ᠄ ᠲᠤᠩᠭᠤᠤᠨᠬᠤ᠂ ᠵᠢᠷᠭᠤᠭᠠᠨ ᠰᠠᠷ᠎ᠠ︔ ᠤᠰᠤᠯ  ᠲᠡᠮᠳᠡᠭᠯᠡᠬᠦ᠂ ᠠᠷᠪᠠᠨ ᠬᠤᠶᠠᠷ ᠰᠠᠷ᠎ᠠ︔ ᠲᠤᠮᠤ ᠤᠰᠤᠯ ᠲᠡᠮᠳᠡᠭᠯᠡᠬᠦ᠂ ᠠᠷᠪᠠᠨ ᠨᠠᠢᠮᠠᠨ ᠰᠠᠷ᠎ᠠ︔ ᠲᠡᠰ ᠢ ᠨᠢ  ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠬᠤᠷᠢᠨ ᠲᠦᠷᠪᠡᠨ ᠰᠠᠷ᠎ᠠ ᠪᠤᠯᠤᠨ᠎ᠠ᠃  ᠲᠤᠰᠢᠶᠠᠯ ᠠᠴᠠ  ᠨᠢ ᠤᠭᠴᠠᠷᠠᠭᠤᠯᠬᠤ ᠰᠢᠥᠨᠭᠡᠯ  ᠤᠯᠤᠭᠰᠠᠥᠨ ᠢ ᠲᠤᠭᠳᠠᠭᠠᠯ ᠶᠤᠰᠤᠭᠠᠷ ᠲᠡᠰ ᠢ ᠨᠢ  ᠪᠠᠭᠤᠷᠠᠭᠤᠯᠤᠨ᠎ᠠ᠃             ᠲᠠᠪᠢ ᠶᠢᠰᠦᠳᠦᠭᠡᠷ ᠵᠦᠢᠯ     ᠠᠯᠪᠠᠳᠠᠨ ᠠᠵᠢᠯ ᠠᠴᠠ ᠬᠦᠭᠡᠭᠡᠭᠳᠡᠬᠦ ᠰᠢᠥᠨᠭᠡᠯ ᠠᠴᠠ ᠪᠤᠰᠤᠤᠨ ᠰᠢᠥᠨᠭᠡᠯ  ᠤᠯᠵᠤ᠂ ᠰᠢᠥᠨᠭᠡᠯ ᠤᠨ ᠬᠤᠭᠤᠴᠠᠭᠠᠨ ᠳᠤ ᠭᠡᠮᠰᠢᠨ ᠤᠬᠠᠭᠠᠷᠠᠬᠤ ᠢᠯᠡᠷᠡᠯ ᠲᠠᠢ ᠪᠦᠭᠡᠥᠨ ᠲᠠᠬᠢᠨ ᠰᠠᠬᠢᠯᠭ᠎ᠠ ᠶᠢ  ᠵᠦᠷᠢᠴᠡᠭᠰᠡᠨ ᠦᠢᠯᠨ ᠠᠵᠢᠯᠯᠠᠭ᠎ᠠ ᠦᠭᠡᠢ ᠪᠤᠯ ᠰᠢᠥᠨᠭᠡᠯ ᠤᠨ ᠬᠤᠭᠤᠴᠠᠭ᠎ᠠ ᠲᠦᠬᠦᠷᠦᠭᠰᠡᠨ ᠤ ᠲᠠᠷᠠᠭ᠎ᠠ ᠰᠢᠥᠨᠭᠡᠯ ᠢ  ᠲᠤᠭᠳᠠᠭᠠᠭᠰᠠᠨ ᠪᠠᠶᠢᠭᠤᠯᠭ᠎ᠠ ᠠᠴᠠ ᠰᠢᠥᠨᠭᠡᠯ ᠢ ᠲᠠᠶᠢᠯᠵᠤ᠂ ᠪᠢᠴᠢᠭ ᠤᠨ ᠭᠡᠯᠪᠡᠷᠢ ᠪᠠᠷ ᠲᠤᠰ ᠬᠦᠮᠦᠨ ᠳᠤᠨᠢ  ᠮᠡᠳᠡᠭᠳᠡᠬᠦ ᠭᠡᠷᠡᠭᠳᠡᠢ᠃ ᠰᠢᠥᠨᠭᠡᠯ ᠢ ᠲᠠᠶᠢᠯᠤᠭᠰᠠᠨ ᠤ ᠲᠠᠷᠠᠭ᠎ᠠ᠂ ᠴᠠᠯᠢᠩ ᠤᠨ ᠲᠡᠰ᠂ ᠲᠤᠰᠢᠶᠠᠯ ᠤᠨ ᠲᠡᠰ ᠬᠢᠭᠡᠥᠨ  ᠲᠤᠰᠢᠶᠠᠯ ᠲᠡᠪᠰᠢᠬᠦ ᠨᠢ ᠤᠤᠯ ᠤᠨ ᠰᠢᠥᠨᠭᠡᠯ ᠳᠤ ᠲᠠᠬᠢᠨ ᠨᠦᠯᠦᠭᠡᠯᠡᠭᠳᠡᠬᠦ ᠦᠭᠡᠢ᠃ ᠭᠡᠪᠡᠴᠦ ᠲᠡᠰ  ᠪᠠᠭᠤᠷᠠᠭᠤᠯᠤᠭᠰᠠᠨ ᠪᠠ ᠲᠤᠰᠢᠶᠠᠯ ᠠᠴᠠ ᠨᠢ ᠤᠭᠴᠠᠷᠠᠭᠤᠯᠤᠭᠰᠠᠨ ᠰᠢᠥᠨᠭᠡᠯ ᠢ ᠲᠠᠶᠢᠯᠬᠤ ᠶᠠᠪᠤᠳᠠᠯ ᠢ ᠤᠤᠯ ᠤᠨ  ᠲᠡᠰ ᠪᠤᠯᠤᠨ ᠲᠤᠰᠢᠶᠠᠯ ᠢ ᠨᠢ ᠰᠡᠷᠬᠦᠭᠡᠬᠦ ᠶᠠᠪᠤᠳᠠᠯ ᠢᠶᠠᠷ ᠦᠵᠡᠵᠦ ᠪᠤᠯᠬᠤ ᠦᠭᠡᠢ᠃                                      ᠠᠷᠪᠠᠳᠤᠭᠠᠷ ᠪᠦᠯᠦᠭ     ᠪᠤᠯᠪᠠᠰᠤᠷᠠᠭᠤᠯᠬᠤ                          ᠵᠢᠷᠠᠳᠤᠭᠠᠷ ᠵᠦᠢᠯ     ᠪᠠᠶᠢᠭᠤᠯᠭ᠎ᠠ ᠠᠴᠠ ᠠᠯᠪᠠᠳᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ  ᠱᠠᠭᠠᠷᠳᠠᠯᠭ᠎ᠠ ᠪᠤᠯᠤᠨ ᠠᠯᠪᠠᠳᠠᠨ ᠤ ᠭᠡᠪ ᠴᠢᠨᠠᠷ ᠢ ᠲᠡᠭᠡᠭᠰᠢᠯᠡᠬᠦᠯᠬᠦ ᠭᠡᠷᠡᠭᠴᠡᠭᠡ ᠶᠢ ᠦᠨᠳᠦᠰᠦᠯᠡᠵᠦ᠂ ᠠᠯᠪᠠᠳᠠᠨ ᠢ  ᠲᠡᠰ ᠲᠦᠷᠦᠯ ᠬᠤᠪᠢᠶᠠᠵᠤ ᠪᠠᠶᠢᠭᠠᠥᠨ ᠪᠤᠯᠪᠠᠰᠤᠷᠠᠭᠤᠯᠤᠯ ᠬᠦᠷᠳᠡᠬᠡᠬᠦ ᠭᠡᠷᠡᠭᠳᠡᠢ᠃ ᠤᠯᠤᠰ ᠠᠴᠠ ᠠᠯᠪᠠᠳᠠᠨ ᠢ  ᠪᠤᠯᠪᠠᠰᠤᠷᠠᠭᠤᠯᠬᠤ  ᠲᠤᠰᠬᠠᠢ ᠪᠠᠶᠢᠭᠤᠯᠤᠮᠵᠢ ᠶᠢ ᠪᠠᠶᠢᠭᠤᠯᠤᠨ᠎ᠠ᠃ ᠪᠠᠶᠢᠭᠤᠯᠭ᠎ᠠ ᠨᠢ  ᠭᠡᠷᠡᠭᠴᠡᠭᠡ ᠪᠠᠨ  ᠦᠨᠳᠦᠰᠦᠯᠡᠵᠦ ᠪᠤᠰᠤᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠳᠤ ᠨᠡᠶᠢᠳᠡᠵᠦ ᠠᠯᠪᠠᠳᠠᠨ ᠢ  ᠪᠤᠯᠪᠠᠰᠤᠷᠠᠭᠤᠯᠬᠤ  ᠡᠭᠦᠷᠭᠡ ᠶᠢ ᠡᠭᠦᠷᠭᠡᠯᠡᠬᠦᠯᠵᠦ  ᠪᠤᠯᠤᠨ᠎ᠠ᠃                         ᠵᠢᠷᠠᠨ ᠨᠢᠭᠡᠳᠦᠭᠡᠷ ᠵᠦᠢᠯ  ᠪᠠᠶᠢᠭᠤᠯᠭ᠎ᠠ ᠠᠴᠠ ᠰᠢᠨ᠎ᠡ ᠡᠯᠰᠡᠨ ᠭᠡᠷᠡᠭᠯᠡᠬᠦ ᠬᠦᠮᠦᠰ ᠲᠤ ᠲᠤᠷᠰᠢᠨ ᠭᠡᠷᠡᠭᠯᠡᠬᠦ   ᠬᠤᠭᠤᠴᠠᠭᠠᠨ ᠳᠤ ᠠᠩᠬ᠎ᠠ ᠲᠤᠰᠢᠶᠠᠯ ᠡᠭᠦᠷᠭᠡᠯᠡᠬᠦ ᠪᠤᠯᠪᠠᠰᠤᠷᠠᠭᠤᠯᠤᠯ ᠬᠢᠨ᠎ᠡ︔ ᠤᠳᠤᠷᠢᠥᠨᠬᠤ ᠲᠤᠰᠢᠶᠠᠯ ᠳᠤ  ᠲᠡᠪᠰᠢᠬᠦ ᠠᠯᠪᠠᠳᠠᠨ ᠳᠤ ᠲᠡᠪᠰᠢᠬᠦ ᠠᠴᠠ ᠡᠮᠦᠨ᠎ᠡ ᠪᠤᠶᠤ ᠲᠡᠪᠰᠢᠭᠰᠡᠨ ᠤ ᠰᠡᠬᠦᠯᠡᠷ ᠨᠢᠭᠡ ᠵᠢᠯ ᠤᠨ ᠲᠤᠳᠤᠷ᠎ᠠ  ᠲᠤᠰᠢᠶᠠᠯ ᠡᠭᠦᠷᠭᠡᠯᠡᠬᠦ ᠪᠤᠯᠪᠠᠰᠤᠷᠠᠭᠤᠯᠤᠯ ᠬᠢᠨ᠎ᠠ︔ ᠲᠤᠰᠬᠠᠢ ᠲᠦᠷᠦᠯ ᠤᠨ ᠠᠵᠢᠯ ᠡᠷᠬᠢᠯᠡᠵᠦ ᠪᠠᠶᠢᠭ᠎ᠠ  ᠠᠯᠪᠠᠳᠠᠨ ᠳᠤ ᠲᠤᠰᠬᠠᠢᠢᠯᠠᠨ ᠲᠤᠬᠠᠢᠢᠯᠠᠭᠰᠠᠨ ᠠᠵᠢᠯ ᠤᠨ ᠪᠤᠯᠪᠠᠰᠤᠷᠠᠭᠤᠯᠤᠯ ᠬᠢᠨ᠎ᠡ︔ ᠪᠦᠬᠦ ᠠᠯᠪᠠᠳᠠᠨ ᠳᠤ  ᠮᠡᠳᠡᠯᠭᠡ ᠶᠢ ᠰᠢᠨᠡᠥᠨᠭᠡᠬᠦ᠂ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠬᠦ ᠠᠵᠢᠯ ᠤᠨ ᠪᠠᠶᠢᠷᠢ ᠶᠢᠨ ᠪᠤᠯᠪᠠᠰᠤᠷᠠᠭᠤᠯᠤᠯ  ᠬᠢᠨ᠎ᠡ᠂ ᠡᠭᠦᠨ ᠤ ᠲᠤᠳᠤᠷ᠎ᠠ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠵᠦ ᠪᠠᠶᠢᠭ᠎ᠠ ᠠᠯᠪᠠᠳᠠᠨ ᠳᠤ ᠲᠤᠰᠬᠠᠢ  ᠮᠡᠷᠭᠡᠵᠢᠯ ᠤᠨ ᠠᠵᠢᠯᠳᠠᠨ ᠤ ᠦᠷᠬᠦᠯᠵᠢᠯᠡᠨ ᠰᠤᠷᠭᠠᠨ ᠬᠦᠮᠦᠵᠢᠯ ᠬᠢᠬᠦ ᠱᠠᠭᠠᠷᠳᠠᠯᠭ᠎ᠠ ᠪᠠᠷ ᠲᠤᠰᠬᠠᠢ ᠮᠡᠷᠭᠡᠵᠢᠯ ᠤᠨ  ᠪᠤᠯᠪᠠᠰᠤᠷᠠᠭᠤᠯᠤᠯ ᠬᠢᠨ᠎ᠡ᠃ ᠤᠯᠤᠰ ᠠᠴᠠ  ᠲᠦᠯᠦᠪᠯᠡᠭᠡ  ᠲᠠᠢ ᠪᠠᠷ ᠪᠡᠯᠡᠥᠨᠭᠡᠯ ᠤᠳᠤᠷᠢᠥᠨᠬᠤ ᠬᠦᠮᠦᠰ ᠢ  ᠪᠤᠯᠪᠠᠰᠤᠷᠠᠭᠤᠯᠬᠤ ᠠᠵᠢᠯ ᠢ  ᠴᠢᠩᠭᠠᠥᠨᠬᠠᠨ᠎ᠠ᠃                         ᠵᠢᠷᠠᠨ ᠬᠤᠶᠠᠳᠤᠭᠠᠷ ᠵᠦᠢᠯ  ᠠᠯᠪᠠᠳᠠᠨ ᠤ ᠪᠤᠯᠪᠠᠰᠤᠷᠠᠭᠤᠯᠤᠯ ᠳᠤ ᠪᠦᠷᠢᠥᠨᠭᠡᠨ ᠲᠡᠮᠳᠡᠭᠯᠡᠬᠦ ᠬᠠᠮᠢᠶᠠᠷᠤᠯᠳᠠ ᠶᠢ  ᠶᠠᠪᠤᠭᠤᠯᠤᠨ᠎ᠠ᠃ ᠠᠯᠪᠠᠳᠠᠨ ᠤ ᠪᠤᠯᠪᠠᠰᠤᠷᠠᠭᠤᠯᠬᠤ ᠳᠤ ᠤᠷᠤᠯᠴᠠᠬᠤ ᠴᠠᠭ ᠬᠤᠭᠤᠴᠠᠭ᠎ᠠ ᠶᠢ ᠠᠯᠪᠠᠳᠠᠨ ᠢ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠬᠠᠥᠯᠢ ᠶᠢᠨ ᠵᠢᠷᠠᠨ ᠨᠢᠭᠡᠳᠦᠭᠡᠷ ᠵᠦᠢᠯ ᠳᠤ ᠲᠤᠭᠳᠠᠭᠠᠭᠰᠠᠨ  ᠪᠤᠯᠪᠠᠰᠤᠷᠠᠭᠤᠯᠤᠯ ᠤᠨ ᠱᠠᠭᠠᠷᠳᠠᠯᠭ᠎ᠠ ᠶᠢᠨ ᠶᠤᠰᠤᠭᠠᠷ ᠲᠤᠭᠳᠠᠭᠠᠨ᠎ᠠ᠃ ᠠᠯᠪᠠᠳᠠᠨ ᠤ ᠪᠤᠯᠪᠠᠰᠤᠷᠠᠭᠤᠯᠤᠯ ᠤᠨ   ᠪᠠᠶᠢᠳᠠᠯ᠂ ᠰᠤᠷᠤᠯᠭ᠎ᠠ  ᠶᠢᠨ ᠬᠢᠷᠢ ᠪᠦᠳᠦᠮᠵᠢ ᠶᠢ ᠠᠯᠪᠠᠳᠠᠨ ᠢ ᠬᠢᠨᠠᠨ ᠰᠢᠯᠭᠠᠬᠤ ᠠᠭᠤᠯᠭ᠎ᠠ᠂ ᠲᠤᠰᠢᠶᠠᠯ ᠳᠤ  ᠲᠤᠮᠢᠯᠠᠬᠤ ᠪᠠ ᠵᠡᠷᠭᠡ ᠲᠡᠪᠰᠢᠬᠦᠯᠬᠦ ᠦᠨᠳᠦᠰᠦ ᠪᠠᠷᠢᠮᠳᠠ ᠶᠢᠨ ᠨᠢᠭᠡ ᠪᠤᠯᠭᠠᠨ᠎ᠠ᠃          
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ