ᠠᠷᠪᠠᠨ ᠨᠢᠭᠡᠳᠦᠭᠡᠷ ᠪᠦᠯᠦᠭ ᠰᠤᠯᠢᠯᠴᠠᠬᠤ ᠪᠠ ᠵᠠᠶᠢᠯᠠᠭᠤᠯᠬᠤ | ᠵᠢᠷᠠᠨ ᠭᠤᠷᠪᠠᠳᠤᠭᠠᠷ ᠵᠦᠢᠯ ᠤᠯᠤᠰ ᠠᠴᠠ ᠠᠯᠪᠠᠳᠠᠨ ᠤ ᠰᠤᠯᠢᠯᠴᠠᠬᠤ ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠢ ᠠᠯᠪᠠᠳᠠᠨ ᠤ ᠡᠩᠨᠡᠭᠡᠨ ᠤ | ᠲᠤᠳᠤᠭᠠᠳᠤ ᠳᠠᠭᠠᠨ ᠰᠤᠯᠢᠯᠴᠠᠵᠤ ᠪᠤᠯᠬᠤ ᠪᠦᠭᠡᠥᠨ ᠪᠠᠰᠠ ᠪᠦᠬᠦ ᠤᠯᠤᠰ ᠤᠨ ᠦᠮᠴᠢᠯᠡᠯᠳᠦ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ᠂ ᠠᠷᠠᠥᠨ ᠤᠨ | ᠪᠦᠯᠬᠦᠮ ᠪᠠ ᠤᠯᠠᠨ ᠲᠦᠮᠡᠨ ᠤ ᠪᠦᠯᠬᠦᠮ ᠤᠨ ᠲᠤᠳᠤᠷᠠᠬᠢ ᠠᠯᠪᠠᠨ ᠠᠵᠢᠯᠳᠠᠨ ᠢ ᠡᠷᠬᠢᠯᠡᠵᠦ ᠪᠠᠶᠢᠭ᠎ᠠ ᠠᠵᠢᠯᠳᠠᠨ ᠲᠠᠢ ᠰᠤᠯᠢᠯᠴᠠᠵᠤ ᠪᠤᠯᠤᠨ᠎ᠠ᠃ ᠰᠤᠯᠢᠯᠴᠠᠬᠤ | ᠠᠷᠭ᠎ᠠ ᠭᠡᠯᠪᠡᠷᠢ ᠳᠤ ᠰᠢᠯᠵᠢᠬᠦᠯᠦᠨ ᠲᠤᠮᠢᠯᠠᠬᠤ᠂ ᠬᠠᠯᠠᠨ ᠲᠤᠮᠢᠯᠠᠬᠤ ᠪᠠ ᠲᠤᠰᠢᠶᠠᠯ ᠲᠠᠢ ᠪᠤᠯᠪᠠᠰᠤᠷᠠᠭᠤᠯᠬᠤ ᠪᠠᠭᠳᠠᠨ᠎ᠠ᠃ | ᠵᠢᠷᠠᠨ ᠲᠦᠷᠪᠡᠳᠦᠭᠡᠷ ᠵᠦᠢᠯ ᠤᠯᠤᠰ ᠤᠨ ᠦᠮᠴᠢᠯᠡᠯᠳᠦ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠡ᠂ ᠠᠷᠠᠥᠨ ᠤᠨ ᠪᠦᠯᠬᠦᠮ ᠪᠠ ᠤᠯᠠᠨ | ᠲᠦᠮᠡᠨ ᠤ ᠪᠦᠯᠬᠦᠮ ᠤᠨ ᠲᠤᠳᠤᠷᠠᠬᠢ ᠠᠯᠪᠠᠨ ᠠᠵᠢᠯ ᠢ ᠡᠷᠬᠢᠯᠡᠵᠦ ᠪᠠᠶᠢᠭ᠎ᠠ ᠠᠵᠢᠯᠳᠠᠨ ᠪᠠᠶᠢᠭᠤᠯᠭ᠎ᠠ ᠳᠤ ᠰᠢᠯᠵᠢᠨ ᠤᠷᠤᠵᠤ ᠤᠳᠤᠷᠢᠳᠤᠯᠭ᠎ᠠ ᠶᠢᠨ ᠲᠤᠰᠢᠶᠠᠯ | ᠪᠤᠶᠤ ᠲᠤᠰᠠᠯᠠᠬᠤ ᠪᠠᠶᠢᠴᠠᠭᠠᠨ ᠰᠤᠳᠤᠯᠤᠭᠴᠢ ᠠᠴᠠ ᠲᠡᠭᠡᠭᠰᠢᠬᠢ ᠪᠠ ᠪᠤᠰᠤᠤᠨ ᠠᠳᠠᠯᠢ ᠲᠤᠰᠢᠶᠠᠯ ᠤᠨ ᠲᠡᠰ ᠲᠠᠪᠬᠤᠷᠭ᠎ᠠ ᠶᠢᠨ ᠤᠳᠤᠷᠢᠳᠤᠯᠭ᠎ᠠ ᠶᠢᠨ ᠪᠤᠰᠤ | ᠲᠤᠰᠢᠶᠠᠯ ᠢ ᠬᠠᠷᠢᠭᠤᠴᠠᠵᠤ ᠪᠤᠯᠤᠨ᠎ᠠ᠃ ᠰᠢᠯᠵᠢᠨ ᠲᠤᠰᠢᠶᠠᠯ ᠬᠠᠷᠢᠭᠤᠴᠠᠭᠰᠠᠤᠨ ᠨᠢ ᠲᠤᠰ ᠬᠠᠥᠯᠢ ᠶᠢᠨ ᠠᠷᠪᠠᠨ ᠨᠢᠭᠡᠳᠦᠭᠡᠷ ᠵᠦᠢᠯ ᠳᠤ ᠲᠤᠭᠳᠠᠭᠠᠭᠰᠠᠨ | ᠨᠦᠬᠦᠴᠡᠯ ᠬᠢᠭᠡᠥᠨ ᠲᠤᠮᠢᠯᠠᠬᠤ ᠪᠠᠷ ᠵᠢᠱᠢᠵᠦ ᠪᠦᠬᠦᠢ ᠲᠤᠰᠢᠶᠠᠯ ᠤᠨ ᠪᠠᠶᠢᠷᠢ ᠳᠤ ᠱᠠᠭᠠᠷᠳᠠᠭᠳᠠᠬᠤ ᠭᠢᠷᠢ ᠭᠡᠮ ᠤᠨ ᠨᠦᠬᠦᠴᠡᠯ ᠢ ᠪᠦᠷᠢᠯᠳᠦᠬᠦᠯᠬᠦ ᠭᠡᠷᠡᠭᠳᠡᠢ | ᠪᠦᠭᠡᠥᠨ ᠲᠤᠰ ᠬᠠᠥᠯᠢ ᠶᠢᠨ ᠬᠤᠷᠢᠨ ᠲᠦᠷᠪᠡᠳᠦᠭᠡᠷ ᠵᠦᠢᠯ ᠳᠤ ᠲᠤᠭᠳᠠᠭᠠᠭᠰᠠᠨ ᠪᠠᠶᠢᠳᠠᠯ ᠲᠠᠢ ᠪᠠᠶᠢᠵᠤ ᠪᠤᠯᠬᠤ ᠦᠭᠡᠢ᠃ ᠰᠢᠯᠵᠢᠬᠦᠯᠦᠨ ᠲᠤᠮᠢᠯᠠᠬᠤ | ᠪᠠᠶᠢᠭᠤᠯᠭ᠎ᠠ ᠨᠢ ᠲᠡᠭᠡᠷ᠎ᠡ ᠲᠤᠷᠠᠳᠤᠭᠰᠠᠨ ᠲᠤᠭᠳᠠᠭᠠᠯ ᠢ ᠦᠨᠳᠦᠰᠦᠯᠡᠵᠦ ᠰᠢᠯᠵᠢᠨ ᠲᠤᠰᠢᠶᠠᠯ ᠬᠠᠷᠢᠭᠤᠴᠠᠭᠰᠠᠥᠨ ᠢ ᠴᠢᠩᠭ᠎ᠠ ᠬᠢᠨᠠᠨ ᠰᠢᠯᠭᠠᠵᠤ᠂ ᠬᠠᠮᠢᠶᠠᠷᠤᠯᠳᠠ | ᠶᠢᠨ ᠡᠷᠭᠡ ᠮᠡᠳᠡᠯ ᠤᠨ ᠬᠡᠪᠴᠢᠶ᠎ᠡ ᠶᠤᠰᠤᠭᠠᠷ ᠬᠢᠨᠠᠨ ᠵᠦᠪᠰᠢᠶᠡᠷᠡᠬᠦᠯᠬᠦ ᠭᠡᠷᠡᠭᠳᠡᠢ᠂ ᠴᠢᠬᠤᠯᠨ ᠲᠠᠢ ᠦᠶ᠎ᠡ ᠳᠤ ᠰᠢᠯᠵᠢᠨ ᠲᠤᠰᠢᠶᠠᠯ ᠬᠠᠷᠢᠭᠤᠴᠠᠭᠰᠠᠥᠨ ᠲᠤ | ᠰᠢᠯᠭᠠᠯᠳᠠ ᠬᠢᠵᠦ ᠪᠤᠯᠤᠨ᠎ᠠ᠃ | ᠵᠢᠷᠠᠨ ᠲᠠᠪᠤᠳᠤᠭᠠᠷ ᠵᠦᠢᠯ ᠠᠯᠪᠠᠳᠠᠨ ᠢ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠬᠤᠭᠤᠷᠤᠨᠳᠤ ᠬᠠᠯᠠᠨ ᠲᠤᠮᠢᠯᠠᠬᠤ ᠳᠤ ᠡᠷᠭᠡᠪᠡᠰᠢ ᠲᠤᠮᠢᠯᠠᠬᠤ ᠪᠠᠷ | ᠵᠢᠱᠢᠵᠦ ᠪᠦᠬᠦᠢ ᠲᠤᠰᠢᠶᠠᠯ ᠤᠨ ᠪᠠᠶᠢᠷᠢ ᠳᠤ ᠱᠠᠭᠠᠷᠳᠠᠭᠳᠠᠬᠤ ᠬᠢᠷᠢ ᠭᠡᠮ ᠢ ᠪᠦᠷᠢᠯᠳᠦᠬᠦᠯᠵᠦ᠂ ᠲᠤᠭᠳᠠᠭᠰᠠᠨ ᠤᠷᠤᠨ ᠲᠤᠭᠠᠨ ᠤ ᠬᠢᠵᠠᠭᠠᠷᠯᠠᠯ ᠪᠠ ᠲᠤᠰᠢᠶᠠᠯ ᠤᠨ | ᠲᠤᠭ᠎ᠠ ᠶᠤᠰᠤᠭᠠᠷ ᠬᠢᠬᠦ ᠭᠡᠷᠡᠭᠳᠡᠢ᠃ ᠮᠤᠵᠢ᠂ ᠶᠠᠮᠤᠨ ᠤ ᠱᠠᠳᠤᠨ ᠤ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠥᠨᠬᠤ ᠪᠦᠷᠢᠯᠳᠦᠬᠦᠨ ᠢ ᠲᠦᠯᠦᠪᠯᠡᠭᠡ ᠲᠠᠢ | ᠭᠤᠤᠯᠳᠠᠯᠭ᠎ᠠ ᠲᠠᠢ ᠪᠠᠷ ᠭᠠᠵᠠᠷ ᠤᠷᠤᠨ ᠠᠯᠤᠰᠯᠠᠨ᠂ ᠰᠠᠯᠠᠭ᠎ᠠ ᠮᠦᠴᠢᠷ ᠠᠯᠤᠰᠯᠠᠵᠤ ᠬᠠᠯᠠᠨ ᠲᠤᠮᠢᠯᠠᠬᠤ ᠭᠡᠷᠡᠭᠳᠡᠢ᠃ ᠪᠠᠶᠢᠭᠤᠯᠭ᠎ᠠ ᠶᠢᠨ ᠲᠤᠳᠤᠭᠠᠳᠤ ᠳᠤ | ᠲᠤᠬᠢᠷᠠᠭᠤᠯᠤᠭᠰᠠᠨ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠲᠤᠰᠢᠶᠠᠯ ᠪᠠ ᠤᠨᠴᠠᠭᠠᠢ ᠠᠵᠢᠯ ᠤᠨ ᠰᠢᠨᠵᠢ ᠴᠢᠨᠠᠷ ᠲᠠᠢ ᠤᠳᠤᠷᠢᠳᠤᠯᠭ᠎ᠠ ᠶᠢᠨ ᠪᠤᠰᠤ | ᠲᠤᠰᠢᠶᠠᠯ ᠢ ᠡᠭᠦᠷᠭᠡᠯᠡᠬᠦ ᠠᠯᠪᠠᠳᠠᠨ ᠢ ᠲᠦᠯᠦᠪᠯᠡᠭᠡ ᠲᠠᠢ ᠪᠠᠷ ᠲᠤᠰ ᠪᠠᠶᠢᠭᠤᠯᠭ᠎ᠠ ᠶᠢᠨ ᠲᠤᠳᠤᠭᠠᠳᠤ ᠳᠤ ᠬᠠᠯᠠᠨ ᠲᠤᠮᠢᠯᠠᠪᠠᠯ ᠵᠤᠬᠢᠨ᠎ᠠ᠃ | ᠵᠢᠷᠠᠨ ᠵᠢᠷᠭᠤᠳᠤᠭᠠᠷ ᠵᠦᠢᠯ ᠠᠯᠪᠠᠳᠠᠨ ᠢ ᠬᠦᠮᠦᠵᠢᠬᠦᠯᠦᠨ ᠪᠤᠯᠪᠠᠰᠤᠷᠠᠭᠤᠯᠬᠤ ᠭᠡᠷᠡᠭᠴᠡᠭᠡ ᠶᠢ ᠦᠨᠳᠦᠰᠦᠯᠡᠨ ᠠᠯᠪᠠᠳᠠᠨ ᠢ ᠲᠤᠤᠷᠠᠳᠤ ᠱᠠᠳᠤᠨ ᠤ | ᠠᠯᠪᠠᠨ ᠪᠠᠶᠢᠭᠤᠯᠭ᠎ᠠ ᠪᠤᠶᠤ ᠡᠰᠡᠬᠦᠯ᠎ᠡ ᠲᠡᠬᠡᠳᠦ ᠱᠠᠳᠤᠨ ᠤ ᠠᠯᠪᠠᠨ ᠪᠠᠶᠢᠭᠤᠯᠭ᠎ᠠ᠂ ᠪᠤᠰᠤᠤᠨ ᠭᠠᠵᠠᠷ ᠤᠷᠤᠨ ᠵᠢᠴᠢ ᠤᠯᠤᠰ ᠤᠨ ᠦᠮᠴᠢᠯᠡᠯᠳᠦ ᠠᠵᠤ ᠠᠬᠤᠢᠢᠯᠠᠯ᠂ | ᠠᠵᠢᠯ ᠦᠢᠯᠡᠰ ᠤᠨ ᠨᠢᠭᠡᠴᠡ ᠳᠤ ᠰᠢᠯᠢᠨ ᠲᠤᠮᠢᠯᠠᠵᠤ ᠲᠤᠰᠢᠶᠠᠯ ᠲᠠᠢ ᠪᠤᠯᠪᠠᠰᠤᠷᠠᠭᠤᠯᠬᠤ ᠪᠤᠯᠤᠨ᠎ᠠ᠃ ᠲᠤᠰᠢᠶᠠᠯ ᠲᠠᠢ ᠪᠤᠯᠪᠠᠰᠤᠷᠠᠭᠤᠯᠵᠤ ᠪᠠᠶᠢᠭ᠎ᠠ | ᠬᠤᠭᠤᠴᠠᠭᠠᠨ ᠳᠤ ᠠᠯᠪᠠᠳᠠᠨ ᠤ ᠤᠤᠯ ᠪᠠᠶᠢᠭᠤᠯᠭ᠎ᠠ ᠯᠤᠭ᠎ᠠ ᠶᠢᠨ ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠬᠤᠪᠢᠷᠠᠭᠤᠯᠬᠤ ᠦᠭᠡᠢ᠃ | ᠵᠢᠷᠠᠨ ᠲᠤᠯᠤᠳᠤᠭᠠᠷ ᠵᠦᠢᠯ ᠠᠯᠪᠠᠳᠠᠨ ᠨᠢ ᠪᠠᠶᠢᠭᠤᠯᠭ᠎ᠠ ᠶᠢᠨ ᠢᠶᠠᠨ ᠰᠤᠯᠢᠯᠴᠠᠬᠤ ᠲᠤᠭᠳᠠᠭᠠᠯ ᠢ ᠲᠠᠭᠠᠬᠤ ᠭᠡᠷᠡᠭᠳᠡᠢ᠃ ᠠᠯᠪᠠᠳᠠᠨ ᠬᠤᠪᠢ ᠬᠦᠮᠦᠨ | ᠰᠤᠯᠢᠯᠴᠠᠬᠤ ᠶᠢ ᠭᠤᠶᠤᠴᠢᠯᠠᠪᠠᠯ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠶᠤᠰᠤᠭᠠᠷ ᠬᠢᠨᠠᠨ ᠵᠦᠪᠰᠢᠶᠡᠷᠡᠬᠦᠯᠦᠨ᠎ᠡ᠃ | ᠵᠢᠷᠠᠨ ᠨᠠᠢᠮᠠᠳᠤᠭᠠᠷ ᠵᠦᠢᠯ ᠠᠯᠪᠠᠳᠠᠨ ᠤ ᠬᠤᠭᠤᠷᠤᠨᠳᠤ ᠡᠷ᠎ᠡ ᠡᠮ᠎ᠡ ᠶᠢᠨ ᠬᠠᠷᠢᠴᠠᠭ᠎ᠠ ᠲᠠᠢ᠂ ᠴᠢᠰᠤᠨ ᠲᠦᠷᠦᠯ ᠤᠨ ᠬᠠᠷᠢᠴᠠᠭ᠎ᠠ ᠲᠠᠢ᠂ ᠭᠤᠷᠪᠠᠨ | ᠦᠶ᠎ᠡ ᠶᠢᠨ ᠲᠤᠳᠤᠷᠠᠬᠢ ᠦᠶᠡᠯᠢᠥᠨ ᠴᠢᠰᠦᠨ ᠲᠦᠷᠦᠯ ᠤᠨ ᠬᠠᠷᠢᠴᠠᠭ᠎ᠠ ᠵᠢᠴᠢ ᠦᠢᠷ᠎ᠠ ᠤᠷᠤᠭ ᠰᠠᠳᠤᠨ ᠤ ᠬᠠᠷᠢᠴᠠᠭ᠎ᠠ ᠲᠠᠢ ᠪᠠᠶᠢᠪᠠᠯ᠂ ᠨᠢᠭᠡ ᠪᠠᠶᠢᠭᠤᠯᠭ᠎ᠠ ᠳᠤ | ᠬᠤᠶᠠᠷ ᠡᠳᠡᠭᠡᠥᠨ ᠢᠶᠠᠷ ᠢᠶᠠᠨ ᠨᠢᠭᠡ ᠤᠳᠤᠷᠢᠳᠤᠯᠭ᠎ᠠ ᠳᠤ ᠰᠢᠭᠤᠤᠨ ᠬᠠᠷᠢᠶᠠᠯᠠᠭᠳᠠᠬᠤ ᠲᠤᠰᠢᠶᠠᠯ ᠪᠤᠶᠤ ᠰᠢᠭᠤᠤᠨ ᠲᠡᠭᠡᠳᠦ ᠲᠤᠤᠷᠠᠳᠤ ᠱᠠᠳᠤᠨ ᠤ ᠤᠳᠤᠷᠢᠥᠨᠬᠤ | ᠬᠠᠷᠢᠴᠠᠭ᠎ᠠ ᠲᠠᠢ ᠲᠤᠰᠢᠶᠠᠯ ᠢ ᠬᠠᠷᠢᠭᠤᠴᠠᠵᠤ ᠪᠤᠯᠬᠤ ᠦᠭᠡᠢ ᠪᠦᠭᠡᠥᠨ ᠲᠡᠬᠦᠨ ᠤ ᠨᠢᠭᠡ ᠡᠳᠡᠭᠡᠥᠨ ᠨᠢ ᠤᠳᠤᠷᠢᠳᠤᠯᠭ᠎ᠠ ᠶᠢᠨ ᠲᠤᠰᠢᠶᠠᠯ ᠬᠠᠷᠢᠭᠤᠴᠠᠵᠤ ᠪᠠᠶᠢᠭ᠎ᠠ | ᠪᠠᠶᠢᠭᠤᠯᠭ᠎ᠠ ᠳᠤ ᠵᠤᠬᠢᠶᠠᠨ ᠪᠠᠶᠢᠭᠤᠯᠬᠤ᠂ ᠠᠵᠢᠯᠳᠠᠨ ᠤ ᠶᠠᠪᠤᠳᠠᠯ᠂ ᠰᠠᠬᠢᠯᠭ᠎ᠠ ᠪᠠᠳᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠬᠢᠭᠡᠥᠨ ᠡᠳ᠋ ᠤᠨ | ᠶᠠᠪᠤᠳᠠᠯ ᠤᠨ ᠠᠵᠢᠯ ᠢ ᠬᠢᠵᠦ ᠪᠤᠯᠬᠤ ᠦᠭᠡᠢ᠃ ᠭᠠᠵᠠᠷ ᠤᠷᠤᠨ ᠪᠤᠶᠤ ᠠᠵᠢᠯ ᠤᠨ ᠰᠢᠨᠵᠢ ᠴᠢᠨᠠᠷ ᠤᠨᠴᠠᠭᠠᠢ ᠠᠴᠠ ᠪᠤᠯᠵᠤ ᠲᠤᠰᠢᠶᠠᠯ ᠤᠨ ᠵᠠᠶᠢᠯᠠᠭᠤᠯᠤᠯᠳᠠ ᠶᠢ | ᠦᠭᠡᠷᠡᠳᠡᠬᠦᠯᠦᠨ ᠭᠡᠷᠡᠭᠵᠢᠬᠦᠯᠬᠦ ᠴᠢᠬᠤᠯᠨ ᠲᠠᠢ ᠦᠶ᠎ᠡ ᠳᠤ ᠮᠤᠵᠢ ᠶᠢᠨ ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠲᠤᠭᠳᠠᠭᠠᠨ᠎ᠠ᠃ | ᠵᠢᠷᠠ ᠶᠢᠰᠦᠳᠦᠭᠡᠷ ᠵᠦᠢᠯ ᠠᠯᠪᠠᠳᠠᠨ ᠰᠢᠶᠠᠩ ᠤᠨ ᠱᠠᠳᠤᠨ ᠤ ᠪᠠᠶᠢᠭᠤᠯᠭ᠎ᠠ᠂ ᠰᠢᠶᠠᠨ ᠤ ᠱᠠᠳᠤᠨ ᠤ ᠪᠠᠶᠢᠭᠤᠯᠭ᠎ᠠ ᠵᠢᠴᠢ ᠲᠡᠬᠦᠨ ᠤ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠭᠤᠤᠯ ᠤᠳᠤᠷᠢᠥᠨᠬᠤ ᠲᠤᠰᠢᠶᠠᠯ ᠢ ᠡᠭᠦᠷᠭᠡᠯᠡᠬᠦ ᠳᠤ ᠬᠠᠥᠯᠢ ᠳᠤ ᠠᠰᠳᠠᠭᠠᠨ ᠲᠤᠭᠳᠠᠭᠠᠯ ᠪᠠᠶᠢᠬᠤ ᠠᠴᠠ ᠪᠤᠰᠤᠤᠨ ᠨᠢ ᠭᠠᠵᠠᠷ ᠤᠷᠤᠨ ᠤ | ᠵᠠᠶᠢᠯᠠᠭᠤᠯᠤᠯᠳᠠ ᠶᠢ ᠬᠡᠷᠡᠭᠵᠢᠬᠦᠯᠬᠦ ᠭᠡᠷᠡᠭᠳᠡᠢ᠃ | ᠲᠠᠯᠠᠳᠤᠭᠠᠷ ᠵᠦᠢᠯ ᠠᠯᠪᠠᠳᠠᠨ ᠠᠯᠪᠠᠨ ᠠᠵᠢᠯ ᠢ ᠬᠦᠢᠴᠡᠥᠨᠭᠡᠬᠦ ᠦᠶ᠎ᠡ ᠳᠤ ᠲᠤᠤᠷᠠᠬᠢ ᠪᠠᠶᠢᠳᠠᠯ ᠤᠨ ᠠᠯᠢ ᠨᠢᠭᠡᠨ ᠵᠦᠢᠯ ᠪᠠᠶᠢᠪᠠᠯ ᠵᠠᠶᠢᠯᠠᠭᠤᠯᠬᠤ | ᠭᠡᠷᠡᠭᠳᠡᠢ᠄ ︵ᠨᠢᠭᠡ︶ ᠬᠤᠪᠢ ᠪᠡᠶ᠎ᠡ ᠶᠢᠨ ᠠᠰᠢᠭ ᠬᠤᠤᠷ ᠤᠨ ᠬᠠᠷᠢᠴᠠᠭ᠎ᠠ ᠲᠠᠢ ᠬᠤᠯᠪᠤᠭᠳᠠᠬᠤ︔ ︵ᠬᠤᠶᠠᠷ︶ ᠬᠤᠪᠢ ᠬᠦᠮᠦᠨ ᠯᠦᠭᠡ ᠲᠤᠰ ᠬᠠᠥᠯᠢ ᠶᠢᠨ | ᠵᠢᠷᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠵᠢᠭᠰᠠᠭᠠᠭᠰᠠᠨ ᠲᠦᠷᠦᠯ ᠰᠠᠳᠤᠨ ᠤ ᠬᠠᠷᠢᠴᠠᠭ᠎ᠠ ᠲᠠᠢ ᠬᠦᠮᠦᠰ ᠤᠨ ᠠᠰᠢᠭ ᠬᠤᠤᠷ ᠤᠨ | ᠬᠠᠷᠢᠴᠠᠭ᠎ᠠ ᠳᠤ ᠬᠤᠯᠪᠤᠭᠳᠠᠬᠤ︔ ︵ᠭᠤᠷᠪᠠ︶ ᠭᠤᠤᠯᠴᠢ ᠪᠠᠷ ᠠᠯᠪᠠᠨ ᠭᠡᠷᠡᠭ ᠬᠦᠢᠴᠡᠥᠨᠭᠡᠬᠦ ᠶᠢ ᠨᠦᠯᠦᠭᠡᠯᠡᠵᠦ ᠮᠡᠳᠡᠬᠦ ᠪᠤᠰᠤᠤᠨ ᠲᠠᠯ᠎ᠠ᠃ | ᠲᠠᠯᠠᠨ ᠨᠢᠭᠡᠳᠦᠭᠡᠷ ᠵᠦᠢᠯ ᠠᠯᠪᠠᠳᠠᠨ ᠳᠤ ᠵᠠᠶᠢᠯᠠᠭᠤᠯᠬᠤ ᠴᠢᠬᠤᠯᠨ ᠲᠠᠢ ᠪᠠᠶᠢᠳᠠᠯ ᠪᠠᠶᠢᠪᠠᠯ ᠬᠤᠪᠢ ᠬᠦᠮᠦᠨ ᠨᠢ ᠵᠠᠶᠢᠯᠠᠭᠤᠯᠬᠤ ᠪᠠᠷ ᠭᠤᠶᠤᠴᠢᠯᠠᠬᠤ | ᠭᠡᠷᠡᠭᠳᠡᠢ︔ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠯᠪᠠᠳᠠᠨ ᠢ ᠵᠠᠶᠢᠯᠠᠭᠤᠯᠬᠤ ᠪᠠᠷ ᠭᠤᠶᠤᠴᠢᠯᠠᠬᠤ ᠡᠷᠭᠡ ᠲᠠᠢ᠃ ᠪᠤᠰᠤᠤᠨ ᠬᠦᠮᠦᠰ ᠠᠴᠠ | ᠠᠯᠪᠠᠳᠠᠨ ᠤ ᠵᠠᠶᠢᠯᠠᠭᠤᠯᠬᠤ ᠴᠢᠬᠤᠯᠨ ᠲᠠᠢ ᠪᠠᠶᠢᠳᠠᠯ ᠢ ᠪᠠᠶᠢᠭᠤᠯᠭ᠎ᠠ ᠳᠤᠨᠢ ᠮᠡᠳᠡᠬᠦᠯᠵᠦ ᠪᠤᠯᠤᠨ᠎ᠠ᠃ ᠪᠠᠶᠢᠭᠤᠯᠭ᠎ᠠ ᠠᠴᠠ ᠠᠯᠪᠠᠳᠠᠨ ᠤ ᠲᠤᠰ ᠪᠡᠶ᠎ᠡ ᠪᠤᠶᠤ ᠠᠰᠢᠭ | ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢ ᠦᠨᠳᠦᠰᠦᠯᠡᠵᠦ᠂ ᠬᠢᠨᠠᠨ ᠪᠠᠶᠢᠴᠠᠭᠠᠭᠰᠠᠨ ᠤ ᠲᠠᠷᠠᠭ᠎ᠠ ᠵᠠᠶᠢᠯᠠᠭᠤᠯᠬᠤ ᠡᠰᠡᠬᠦ ᠶᠢ ᠲᠤᠭᠳᠠᠭᠠᠨ᠎ᠠ᠂ | ᠭᠤᠶᠤᠴᠢᠯᠠᠯ ᠢ ᠲᠠᠮᠵᠢᠬᠤ ᠦᠭᠡᠢ ᠪᠠᠷ ᠰᠢᠭᠤᠤᠨ ᠵᠠᠶᠢᠯᠠᠭᠤᠯᠬᠤ ᠲᠤᠭᠳᠠᠭᠠᠯ ᠭᠠᠷᠭᠠᠵᠤ ᠴᠤ ᠪᠤᠯᠤᠨ᠎ᠠ᠃ | ᠲᠠᠯᠠᠨ ᠬᠤᠶᠠᠳᠤᠭᠠᠷ ᠵᠦᠢᠯ ᠬᠠᠥᠯᠢ ᠠᠴᠠ ᠠᠯᠪᠠᠳᠠᠨ ᠢ ᠵᠠᠶᠢᠯᠠᠭᠤᠯᠬᠤ ᠠᠰᠳᠠᠭᠠᠨ ᠲᠤᠭᠳᠠᠭᠠᠯ ᠲᠠᠢ ᠪᠠᠶᠢᠪᠠᠯ ᠲᠡᠷᠡ ᠬᠦ ᠲᠤᠭᠳᠠᠭᠠᠯ ᠢ ᠲᠠᠭᠠᠨ᠎ᠠ᠃ | | ᠠᠷᠪᠠᠨ ᠬᠤᠶᠠᠳᠤᠭᠠᠷ ᠪᠦᠯᠦᠭ ᠴᠠᠯᠢᠩ ᠠᠰᠠᠷᠠᠮᠵᠢ ᠲᠠᠭᠠᠥᠨᠬᠠᠯ | ᠲᠠᠯᠠᠨ ᠭᠤᠷᠪᠠᠳᠤᠭᠠᠷ ᠵᠦᠢᠯ ᠠᠯᠪᠠᠳᠠᠨ ᠳᠤ ᠲᠤᠰᠢᠶᠠᠯ ᠬᠢᠭᠡᠥᠨ ᠲᠡᠰ ᠢ ᠬᠠᠷᠢᠯᠴᠠᠨ ᠤᠶᠠᠯᠳᠤᠭᠤᠯᠤᠭᠰᠠᠨ ᠤᠯᠤᠰ ᠤᠨ ᠨᠢᠭᠡᠳᠦᠯᠳᠡᠢ ᠴᠠᠯᠢᠩ ᠤᠨ | ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠤ ᠴᠠᠯᠢᠩ ᠤᠨ ᠲᠦᠷᠢᠮ ᠳᠤ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠵᠠᠷᠴᠢᠮ ᠢ ᠲᠤᠤᠱᠯᠠᠭᠤᠯᠵᠤ᠂ | ᠠᠵᠢᠯ ᠤᠨ ᠡᠭᠦᠷᠭᠡ ᠬᠠᠷᠢᠭᠤᠴᠠᠯᠭ᠎ᠠ ᠂ ᠠᠵᠢᠯ ᠤᠨ ᠴᠢᠳᠠᠪᠤᠷᠢ᠂ ᠠᠵᠢᠯ ᠤᠨ ᠪᠤᠳᠠᠳᠤ ᠠᠮᠵᠢᠯᠳᠠ᠂ ᠠᠵᠢᠯ ᠤᠨ ᠦᠡᠭᠭᠡᠷᠡᠯᠳᠡ ᠵᠡᠷᠭᠡ ᠬᠦᠴᠦᠨ ᠵᠦᠢᠯ ᠢ | ᠢᠯᠡᠷᠡᠬᠦᠯᠵᠦ ᠠᠳᠠᠯᠢ ᠪᠤᠰᠤ ᠲᠤᠰᠢᠶᠠᠯ ᠬᠢᠭᠡᠥᠨ ᠲᠡᠰ ᠤᠨ ᠬᠤᠭᠤᠷᠤᠨᠳᠤ ᠵᠤᠬᠢᠰᠳᠠᠢ ᠴᠠᠯᠢᠩ ᠤᠨ ᠵᠦᠷᠢᠶ᠎ᠡ ᠲᠠᠢ ᠪᠠᠶᠢᠯᠭᠠᠨ᠎ᠠ᠃ ᠤᠯᠤᠰ ᠠᠴᠠ ᠠᠯᠪᠠᠳᠠᠨ ᠤ | ᠴᠠᠯᠢᠩ ᠤᠨ ᠭᠡᠪ ᠤᠨ ᠶᠤᠰᠤᠭᠠᠷ ᠨᠡᠮᠡᠭᠳᠡᠬᠦ ᠲᠤᠭᠳᠠᠴᠠ ᠶᠢ ᠪᠠᠶᠢᠭᠤᠯᠤᠨ᠎ᠠ ᠃ | ᠲᠠᠯᠠᠨ ᠲᠦᠷᠪᠡᠳᠦᠭᠡᠷ ᠵᠦᠢᠯ ᠠᠯᠪᠠᠳᠠᠨ ᠤ ᠴᠠᠯᠢᠩ ᠳᠤ ᠦᠨᠳᠦᠰᠦᠨ ᠴᠠᠯᠢᠩ᠂ ᠨᠦᠬᠦᠪᠦᠷᠢ ᠵᠤᠭᠤᠰ᠂ ᠨᠦᠬᠦᠪᠦᠷᠢ ᠮᠦᠡᠭᠭᠦ ᠪᠠ ᠱᠠᠩᠨᠠᠯ ᠤᠨ ᠮᠦᠡᠭᠭᠦ | ᠪᠠᠭᠳᠠᠨ᠎ᠠ᠃ ᠠᠯᠪᠠᠳᠠᠨ ᠤ ᠤᠯᠤᠰ ᠤᠨ ᠲᠤᠭᠳᠠᠭᠠᠯ ᠶᠤᠰᠤᠭᠠᠷ ᠭᠠᠵᠠᠷ ᠤᠷᠤᠨ ᠤ ᠨᠡᠮᠡᠯᠳᠡ ᠨᠦᠬᠦᠪᠦᠷᠢ ᠵᠤᠭᠤᠰ᠂ ᠬᠠᠳᠠᠭᠤ ᠬᠦᠴᠢᠷᠳᠡᠯᠳᠡᠢ ᠬᠢᠯᠢ ᠬᠢᠵᠠᠭᠠᠷ | ᠪᠤᠶᠢᠳᠠ ᠪᠦᠭᠯᠡᠬᠦᠦ ᠤᠷᠤᠨ ᠤ ᠨᠦᠬᠦᠪᠦᠷᠢ ᠵᠤᠭᠤᠰ᠂ ᠠᠵᠢᠯ ᠤᠨ ᠪᠠᠶᠢᠷᠢ ᠶᠢᠨ ᠨᠦᠬᠦᠪᠦᠷᠢ ᠵᠤᠭᠤᠰ ᠵᠡᠷᠭᠡ ᠨᠦᠬᠦᠪᠦᠷᠢ ᠵᠤᠭᠤᠰ ᠤᠯᠤᠨ᠎ᠠ᠃ ᠠᠯᠪᠠᠳᠠᠨ | ᠤᠯᠤᠰ ᠤᠨ ᠲᠤᠭᠳᠠᠭᠠᠯ ᠶᠤᠰᠤᠭᠠᠷ ᠤᠷᠤᠨ ᠰᠠᠭᠤᠴᠠ᠂ ᠡᠮ ᠡᠮᠨᠡᠯᠭᠡ ᠵᠡᠷᠭᠡ ᠶᠢᠨ ᠨᠦᠬᠦᠪᠦᠷᠢ ᠮᠦᠡᠭᠭᠦ ᠪᠤᠯᠤᠨ ᠲᠡᠥᠨᠬᠦᠮᠵᠢ ᠶᠢ ᠬᠦᠷᠳᠡᠨ᠎ᠡ᠃ ᠠᠯᠪᠠᠳᠠᠨ | ᠲᠤᠭᠳᠠᠭᠰᠠᠨ ᠬᠤᠭᠤᠴᠠᠭᠠᠨ ᠤ ᠬᠢᠨᠠᠨ ᠰᠢᠯᠭᠠᠷᠠᠭᠤᠯᠤᠯᠳᠠ ᠳᠤ ᠰᠢᠯᠢᠳᠡᠭ ᠬᠢᠭᠡᠥᠨ ᠲᠤᠰᠢᠶᠠᠯ ᠳᠠᠭᠠᠨ ᠲᠡᠩᠴᠡᠭᠰᠡᠨ ᠢᠶᠠᠷ ᠲᠤᠭᠳᠠᠭᠠᠭᠳᠠᠪᠠᠯ ᠤᠯᠤᠰ ᠤᠨ | ᠲᠤᠭᠳᠠᠭᠠᠯ ᠶᠤᠰᠤᠭᠠᠷ ᠵᠢᠯ ᠤᠨ ᠡᠴᠦᠰ ᠤᠨ ᠱᠠᠩᠨᠠᠯ ᠤᠨ ᠮᠦᠡᠭᠭᠦ ᠤᠯᠤᠨ᠎ᠠ᠃ ᠠᠯᠪᠠᠳᠠᠨ ᠤ ᠴᠠᠯᠢᠩ ᠢ ᠲᠤᠭᠳᠠᠭᠰᠠᠨ ᠴᠠᠭ ᠲᠤᠨᠢ ᠲᠤᠭ᠎ᠠ ᠶᠤᠰᠤᠭᠠᠷ | ᠲᠠᠯᠪᠢᠬᠤ ᠭᠡᠷᠡᠭᠳᠡᠢ᠃ | ᠲᠠᠯᠠᠨ ᠲᠠᠪᠤᠳᠤᠭᠠᠷ ᠵᠦᠢᠯ ᠠᠯᠪᠠᠳᠠᠨ ᠤ ᠴᠠᠯᠢᠩ ᠤᠨ ᠭᠡᠮᠵᠢᠶ᠎ᠡ ᠨᠢ ᠤᠯᠤᠰ ᠠᠷᠠᠥᠨ ᠤᠨ ᠠᠵᠤ ᠠᠬᠤᠢ ᠶᠢᠨ ᠬᠦᠭᠵᠢᠯᠳᠡ ᠲᠠᠢ ᠬᠠᠷᠢᠯᠴᠠᠨ | ᠵᠤᠬᠢᠴᠠᠵᠤ᠂ ᠨᠡᠶᠢᠭᠡᠮ ᠤᠨ ᠲᠠᠪᠰᠢᠯᠳᠠ ᠲᠠᠢ ᠲᠤᠬᠢᠷᠠᠯᠴᠠᠭᠰᠠᠨ ᠪᠠᠶᠢᠬᠤ ᠭᠡᠷᠡᠭᠳᠡᠢ ᠃ ᠤᠯᠤᠰ ᠠᠴᠠ ᠴᠠᠯᠢᠩ ᠤᠨ ᠪᠠᠶᠢᠴᠠᠭᠠᠯᠳᠠ ᠶᠢᠨ ᠲᠦᠷᠢᠮ ᠢ ᠭᠡᠷᠡᠭᠵᠢᠬᠦᠯᠵᠦ᠂ | ᠠᠯᠪᠠᠳᠠᠨ ᠬᠢᠭᠡᠥᠨ ᠠᠵᠤ ᠠᠬᠤᠢᠢᠯᠠᠯ ᠤᠨ ᠠᠳᠠᠯᠢᠪᠳᠤᠷ ᠠᠵᠢᠯᠳᠠᠨ ᠤ ᠴᠠᠯᠢᠩ ᠤᠨ ᠭᠡᠮᠵᠢᠶ᠎ᠡ ᠳᠤ ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠵᠦ | ᠬᠠᠷᠢᠴᠠᠭᠤᠯᠤᠨ᠎ᠠ᠂ ᠴᠠᠯᠢᠩ ᠤᠨ ᠪᠠᠶᠢᠴᠠᠭᠠᠯᠳᠠ ᠬᠢᠵᠦ ᠬᠠᠷᠢᠴᠠᠭᠤᠯᠤᠭᠰᠠᠨ ᠦᠷ᠎ᠡ ᠳ᠋ᠥᠩ ᠢᠶᠠᠷ ᠠᠯᠪᠠᠳᠠᠨ ᠤ ᠴᠠᠯᠢᠩ ᠤᠨ ᠲᠦᠪᠰᠢᠨ ᠳᠤ ᠲᠤᠬᠢᠷᠠᠭᠤᠯᠤᠯᠳᠠ ᠬᠢᠬᠦ | ᠦᠨᠳᠦᠰᠦᠯᠡᠯ ᠪᠤᠯᠭᠠᠨ᠎ᠠ᠃ | ᠲᠠᠯᠠᠨ ᠵᠢᠷᠭᠤᠳᠤᠭᠠᠷ ᠵᠦᠢᠯ ᠠᠯᠪᠠᠳᠠᠨ ᠨᠢ ᠤᠯᠤᠰ ᠤᠨ ᠲᠤᠭᠳᠠᠭᠠᠯ ᠶᠤᠰᠤᠭᠠᠷ ᠠᠰᠠᠷᠠᠮᠵᠢ ᠶᠢᠨ ᠤᠯᠭᠤᠮᠵᠢ ᠬᠦᠷᠳᠡᠨ᠎ᠡ᠃ ᠤᠯᠤᠰ ᠠᠴᠠ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠭᠢᠷᠢ ᠭᠡᠮᠵᠢᠶ᠎ᠡ ᠶᠢ ᠦᠨᠳᠦᠰᠦᠯᠡᠵᠦ ᠠᠯᠪᠠᠳᠠᠨ ᠤ ᠠᠰᠠᠷᠠᠮᠵᠢ ᠶᠢᠨ ᠤᠯᠭᠤᠮᠵᠢ ᠶᠢ ᠲᠡᠭᠡᠭᠰᠢᠯᠡᠬᠦᠯᠦᠨ᠎ᠡ᠃ ᠠᠯᠪᠠᠳᠠᠨ ᠨᠢ | ᠤᠯᠤᠰ ᠠᠴᠠ ᠲᠤᠭᠳᠠᠭᠠᠭᠰᠠᠨ ᠠᠵᠢᠯᠯᠠᠬᠤ ᠴᠠᠭ ᠤᠨ ᠲᠦᠷᠢᠮ ᠢ ᠭᠡᠷᠡᠭᠵᠢᠬᠦᠯᠵᠦ᠂ ᠤᠯᠤᠰ ᠤᠨ ᠲᠤᠭᠳᠠᠭᠠᠯ ᠶᠤᠰᠤᠭᠠᠷ ᠠᠮᠠᠷᠠᠯᠳᠠ ᠠᠪᠤᠨ᠎ᠠ᠃ ᠠᠯᠪᠠᠳᠠᠨ | ᠬᠠᠥᠯᠢ ᠪᠠᠷ ᠲᠤᠭᠳᠠᠭᠠᠭᠰᠠᠨ ᠠᠵᠢᠯᠯᠠᠬᠤ ᠡᠳᠦᠷ ᠠᠴᠠ ᠭᠠᠳᠠᠨ᠎ᠠ ᠨᠡᠮᠡᠨ ᠠᠵᠢᠯᠯᠠᠭᠰᠠᠨ ᠪᠤᠯ ᠵᠤᠬᠢᠴᠠᠩᠭᠤᠢ ᠪᠠᠷ ᠨᠦᠬᠦᠨ ᠠᠮᠠᠷᠠᠭᠤᠯᠤᠨ᠎ᠠ᠃ | ᠲᠠᠯᠠᠨ ᠲᠤᠯᠤᠳᠤᠭᠠᠷ ᠵᠦᠢᠯ ᠤᠯᠤᠰ ᠠᠴᠠ ᠠᠯᠪᠠᠳᠠᠨ ᠤ ᠲᠠᠭᠠᠥᠨᠬᠠᠯ ᠤᠨ ᠲᠦᠷᠢᠮ ᠢ ᠪᠠᠶᠢᠭᠤᠯᠵᠤ᠂ ᠠᠯᠪᠠᠳᠠᠨ ᠤ ᠠᠵᠢᠯ ᠠᠴᠠ ᠠᠮᠠᠷᠠᠬᠤ᠂ | ᠡᠪᠡᠥᠨᠴᠢᠯᠡᠬᠦ᠂ ᠠᠯᠪᠠᠨ ᠭᠡᠷᠡᠭ ᠢᠶᠠᠷ ᠭᠡᠮᠳᠦᠬᠦ᠂ ᠬᠦᠡᠭᠭᠡᠵᠢᠬᠦ᠂ ᠠᠵᠢᠯ ᠠᠯᠳᠠᠬᠤ ᠵᠡᠷᠭᠡ ᠪᠠᠶᠢᠳᠠᠯ ᠤᠨ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠬᠦᠷᠳᠡᠬᠦ ᠶᠢ | ᠪᠠᠳᠤᠯᠠᠨ᠎ᠠ᠃ ᠠᠯᠪᠠᠳᠠᠨ ᠠᠯᠪᠠᠨ ᠤ ᠶᠠᠪᠤᠳᠠᠯ ᠠᠴᠠ ᠵᠡᠮᠳᠡᠭ ᠪᠤᠯᠤᠭᠰᠠᠨ ᠪᠤᠯ ᠤᠯᠤᠰ ᠠᠴᠠ ᠲᠤᠭᠳᠠᠭᠠᠭᠰᠠᠨ ᠵᠡᠮᠳᠡᠭ ᠪᠤᠯᠤᠭᠰᠠᠨ ᠬᠠᠷᠠᠭᠠᠯᠵᠠᠯ ᠬᠦᠷᠳᠡᠨ᠎ᠡ᠃ | ᠠᠯᠪᠠᠳᠠᠨ ᠠᠯᠪᠠᠨ ᠭᠡᠷᠡᠭ ᠢᠶᠠᠷ ᠪᠡᠶ᠎ᠡ ᠦᠷᠡᠭᠳᠡᠭᠰᠡᠨ᠂ ᠠᠯᠪᠠᠨ ᠭᠡᠷᠡᠭ ᠢᠶᠠᠷ ᠦᠭᠦᠭᠰᠡᠨ ᠪᠤᠶᠤ ᠡᠪᠡᠥᠨᠴᠢᠨ ᠢᠶᠠᠷ ᠦᠬᠦᠭᠰᠡᠨ ᠪᠤᠯ ᠤᠢᠢᠷ᠎ᠠ ᠲᠦᠷᠦᠯ ᠨᠢ ᠤᠯᠤᠰ | ᠠᠴᠠ ᠲᠤᠭᠳᠠᠭᠠᠭᠰᠠᠨ ᠠᠰᠠᠷᠠᠮᠵᠢ ᠪᠠ ᠬᠠᠷᠠᠭᠠᠯᠵᠠᠯ ᠢ ᠬᠦᠷᠳᠡᠨ᠎ᠡ᠃ | ᠲᠠᠯᠠᠨ ᠨᠠᠢᠮᠠᠳᠤᠭᠠᠷ ᠵᠦᠢᠯ ᠶᠠᠮᠠᠷᠪᠠ ᠪᠠᠶᠢᠭᠤᠯᠭ᠎ᠠ ᠨᠢ ᠤᠯᠤᠰ ᠤᠨ ᠲᠤᠭᠳᠠᠭᠠᠯ ᠢ ᠵᠦᠷᠢᠴᠡᠵᠦ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ ᠤᠨ | ᠲᠦᠷᠦ ᠶᠢᠨ ᠪᠤᠳᠤᠯᠭ᠎ᠠ ᠶᠢ ᠲᠤᠷ᠎ᠠ ᠪᠠᠷ ᠢᠶᠠᠨ ᠬᠤᠪᠢᠷᠠᠭᠤᠯᠤᠨ ᠦᠭᠡᠷᠡᠴᠢᠯᠡᠵᠦ ᠪᠤᠯᠬᠤ ᠦᠭᠡᠢ᠂ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ ᠤᠨ | ᠤᠯᠭᠤᠮᠵᠢ ᠶᠢ ᠲᠤᠷ᠎ᠠ ᠪᠠᠷ ᠢᠶᠠᠨ ᠦᠰᠬᠡᠬᠦ ᠪᠤᠶᠤ ᠪᠠᠭᠤᠷᠠᠭᠤᠯᠵᠤ ᠪᠤᠯᠬᠤ ᠦᠭᠡᠢ᠃ ᠶᠠᠮᠠᠷᠪᠠ ᠪᠠᠶᠢᠭᠤᠯᠭ᠎ᠠ ᠨᠢ ᠠᠯᠪᠠᠳᠠᠨ ᠤ ᠴᠠᠯᠢᠩ ᠢ ᠬᠠᠰᠤᠬᠤ ᠪᠤᠶᠤ | ᠦᠷᠢᠳᠤᠵᠤ ᠪᠤᠯᠬᠤ ᠦᠭᠡᠢ᠃ | ᠲᠠᠯᠨ ᠶᠢᠰᠦᠳᠦᠭᠡᠷ ᠵᠦᠢᠯ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ᠂ ᠠᠵᠢᠯ ᠠᠴᠠ ᠪᠠᠨ ᠠᠮᠠᠷᠠᠭᠰᠠᠨ ᠮᠦᠡᠭᠭᠦ ᠵᠢᠴᠢ ᠡᠯᠰᠡᠨ ᠭᠡᠷᠡᠭᠯᠡᠬᠦ᠂ | ᠪᠤᠯᠪᠠᠰᠤᠷᠠᠭᠤᠯᠬᠤ᠂ ᠱᠠᠩᠨᠠᠬᠤ᠂ ᠠᠵᠢᠯ ᠠᠴᠠ ᠨᠢ ᠵᠤᠭᠰᠤᠭᠠᠬᠤ ᠵᠡᠷᠭᠡ ᠳᠤ ᠭᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ ᠪᠠᠳᠤᠯᠠᠬᠤ | ᠭᠡᠷᠡᠭᠳᠡᠢ᠃ | | | |