ᠠᠯᠪᠠᠲᠠᠨ ᠤ ᠬᠠᠥᠯᠢ ︵ᠨᠠᠢᠮᠠ︶
ᠨᠡᠶᠢᠲᠡᠯᠡᠭᠰᠡᠨ ᠴᠠᠭ᠄
2022/9/14
           ᠠᠷᠪᠠᠨ ᠭᠤᠷᠪᠠᠳᠤᠭᠠᠷ ᠪᠦᠯᠦᠭ    ᠲᠤᠰᠢᠶᠠᠯ ᠠᠴᠠ ᠪᠠᠭᠤᠬᠤ ᠪᠠ ᠠᠵᠢᠯ ᠠᠴᠠ ᠨᠢ ᠵᠤᠭᠰᠤᠭᠠᠬᠤ                          ᠨᠠᠶᠠᠳᠤᠭᠠᠷ ᠵᠦᠢᠯ     ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠭᠡᠪᠡᠯ᠂ ᠲᠤᠮᠢᠯᠠᠵᠤ  ᠪᠠᠭᠤᠯᠭᠠᠬᠤ ᠪᠠᠶᠢᠭᠤᠯᠭ᠎ᠠ ᠳᠤ ᠪᠢᠴᠢᠭ ᠢᠶᠠᠷ ᠭᠤᠶᠤᠴᠢᠯᠠᠬᠤ ᠭᠡᠷᠡᠭᠳᠡᠢ᠃ ᠲᠤᠮᠢᠯᠠᠵᠤ ᠪᠠᠭᠤᠯᠭᠠᠬᠤ ᠪᠠᠶᠢᠭᠤᠯᠭ᠎ᠠ ᠨᠢ  ᠭᠤᠶᠤᠴᠢᠯᠠᠯ ᠢ ᠬᠦᠯᠢᠶᠡᠵᠦ ᠠᠪᠤᠭᠰᠠᠨ ᠡᠳᠦᠷ ᠠᠴᠠ ᠪᠤᠳᠤᠨ ᠨᠢᠭᠡ ᠰᠠᠷ᠎ᠠ ᠶᠢᠨ ᠲᠤᠳᠤᠷ᠎ᠠ ᠬᠢᠨᠠᠨ ᠵᠦᠪᠰᠢᠶᠡᠷᠡᠬᠦ  ᠭᠡᠷᠡᠭᠳᠡᠢ᠂ ᠡᠭᠦᠨ ᠳᠤ ᠤᠳᠤᠷᠢᠥᠨᠬᠤ ᠪᠦᠷᠢᠯᠳᠦᠬᠦᠨ ᠤ ᠠᠯᠪᠠᠨ ᠲᠤᠰᠢᠶᠠᠯ ᠠᠴᠠ ᠪᠠᠭᠤᠬᠤ ᠭᠤᠶᠤᠴᠢᠯᠠᠯ ᠢ  ᠬᠦᠯᠢᠶᠡᠵᠤ ᠠᠪᠤᠭᠰᠠᠨ ᠡᠳᠦᠷ  ᠠᠴᠠ ᠪᠤᠳᠤᠨ ᠶᠡᠷᠡᠨ ᠡᠳᠦᠷ ᠤᠨ ᠲᠤᠳᠤᠷ᠎ᠠ ᠬᠢᠨᠠᠨ ᠵᠦᠪᠰᠢᠶᠡᠷᠡᠬᠦ ᠭᠡᠷᠡᠭᠳᠡᠢ᠃            ᠨᠠᠶᠠᠨ ᠨᠢᠭᠡᠳᠦᠭᠡᠷ ᠵᠦᠢᠯ      ᠠᠯᠪᠠᠳᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠯᠪᠠᠨ ᠲᠤᠰᠢᠶᠠᠯ  ᠠᠴᠠ ᠪᠠᠨ ᠪᠠᠭᠤᠵᠤ ᠪᠤᠯᠬᠤ ᠦᠭᠡᠢ᠄ ︵ᠨᠢᠭᠡ ︶ ᠤᠯᠤᠰ ᠤᠨ ᠲᠤᠭᠳᠠᠭᠠᠯ ᠤᠨ ᠬᠠᠮᠤᠭ ᠤᠬᠤᠷ ᠦᠢᠯᠡᠴᠢᠯᠡᠬᠦ  ᠬᠤᠭᠤᠴᠠᠭ᠎ᠠ ᠨᠢ ᠳᠦᠭᠦᠷᠦᠭᠡ ᠦᠭᠡᠢ︔ ︵ᠬᠤᠶᠠᠷ︶ ᠤᠯᠤᠰ ᠤᠨ ᠨᠢᠭᠤᠴᠠ ᠳᠤ ᠬᠤᠯᠪᠤᠭᠳᠠᠬᠤ ᠤᠨᠴᠠᠭᠠᠢ  ᠲᠤᠰᠢᠶᠠᠯ ᠤᠨ ᠪᠠᠶᠢᠷᠢ ᠲᠡᠭᠡᠷ᠎ᠡ ᠲᠤᠰᠢᠶᠠᠯ ᠬᠠᠷᠢᠭᠤᠴᠠᠵᠤ ᠪᠠᠶᠢᠬᠤ ᠪᠤᠶᠤ ᠲᠡᠭᠡᠷ᠎ᠡ ᠲᠤᠷᠠᠳᠤᠭᠰᠠᠨ ᠠᠵᠢᠯ ᠤᠨ ᠪᠠᠶᠢᠷᠢ  ᠠᠴᠠ ᠰᠠᠯᠬᠤ ᠤᠯᠤᠰ ᠠᠴᠠ ᠲᠤᠭᠳᠠᠭᠰᠠᠨ ᠨᠢᠭᠤᠴᠠ ᠬᠠᠮᠠᠭᠠᠯᠠᠬᠤ ᠬᠤᠭᠤᠴᠠᠭ᠎ᠠ ᠬᠢᠵᠠᠭᠠᠷ ᠨᠢ ᠲᠤᠯᠤᠭᠠᠳᠤᠢ︔ ︵  ᠭᠤᠷᠪᠠ︶ ᠬᠦᠨᠳᠦ ᠴᠢᠬᠤᠯᠨ ᠠᠯᠪᠠᠨ ᠶᠠᠪᠤᠳᠠᠯ ᠢᠶᠠᠨ ᠰᠢᠢᠥᠨᠪᠦᠷᠢᠯᠡᠵᠦ ᠪᠠᠷᠠᠭᠠᠳᠤᠢ ᠪᠦᠭᠡᠥᠨ ᠡᠷᠬᠡᠪᠰᠢ ᠲᠤᠰ   ᠬᠦᠮᠦᠨ ᠨᠢ ᠦᠷᠬᠦᠯᠵᠢᠯᠡᠨ ᠰᠢᠢᠥᠨᠪᠦᠷᠢᠯᠡᠬᠦ ᠭᠡᠷᠡᠭᠳᠡᠢ ᠪᠠᠶᠢᠬᠤ︔ ︵ᠲᠦᠷᠪᠡ︶ ᠶᠠᠭ ᠬᠢᠨᠠᠨ ᠪᠤᠳᠤᠯᠳᠠ ᠪᠠ  ᠰᠠᠬᠢᠯᠭ᠎ᠠ ᠪᠠᠳᠤ ᠶᠢᠨ ᠬᠢᠨᠠᠨ  ᠪᠠᠶᠢᠴᠠᠭᠠᠯᠳᠠ ᠶᠢ ᠬᠦᠯᠢᠶᠡᠵᠦ ᠪᠠᠶᠢᠭ᠎ᠠ ᠪᠤᠶᠤ ᠶᠠᠯ᠎ᠠ ᠬᠢᠭᠰᠡᠨ ᠰᠡᠵᠢᠭᠯᠡᠯᠳᠡᠢ ᠪᠦᠭᠡᠥᠨ  ᠬᠠᠥᠯᠢ ᠶᠢᠨ ᠵᠢᠷᠤᠮ ᠢ ᠲᠡᠭᠦᠰᠭᠡᠭᠡᠳᠦᠢ︔ ︵ᠲᠠᠪᠤ︶ ᠬᠠᠥᠯᠢ᠂ ᠵᠠᠰᠠᠭ ᠵᠠᠬᠢᠷᠭᠠᠨ ᠤ ᠬᠠᠥᠯᠢ ᠲᠦᠷᠢᠮ ᠳᠤ  ᠲᠤᠭᠳᠠᠭᠠᠭᠰᠠᠨ ᠪᠤᠰᠤᠤᠨ ᠠᠯᠪᠠᠨ ᠲᠤᠰᠢᠶᠠᠯ ᠠᠴᠠ ᠪᠠᠭᠤᠵᠤ ᠪᠤᠯᠬᠤ ᠦᠭᠡᠢ ᠵᠦᠢᠯ ᠤᠨ ᠪᠠᠶᠢᠳᠠᠯ ᠲᠠᠢ᠃             ᠨᠠᠶᠠᠨ ᠬᠤᠶᠠᠳᠤᠭᠠᠷ ᠵᠦᠢᠯ     ᠤᠳᠤᠷᠢᠳᠤᠯᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠭ᠎ᠠ ᠠᠯᠪᠠᠳᠠᠨ  ᠠᠵᠢᠯ ᠤᠨ ᠬᠤᠪᠢᠷᠠᠯᠳᠠ ᠠᠴᠠ ᠪᠤᠯᠵᠤ ᠬᠠᠥᠯᠢ ᠴᠠᠭᠠᠵᠠ ᠶᠢᠨ ᠲᠤᠭᠳᠠᠭᠠᠯ ᠶᠤᠰᠤᠭᠠᠷ ᠤᠳᠤ ᠶᠢᠨ ᠲᠤᠰᠢᠶᠠᠯ ᠠᠴᠠ  ᠪᠠᠨ  ᠪᠠᠭᠤᠬᠤ ᠳᠤ ᠲᠤᠰᠢᠶᠠᠯ ᠠᠴᠠ ᠪᠠᠨ ᠪᠠᠭᠤᠬᠤ ᠭᠠᠷ ᠬᠦᠢᠴᠡᠥᠨᠭᠡᠯ ᠬᠢᠬᠦ ᠭᠡᠷᠡᠭᠳᠡᠢ᠃ ᠤᠳᠤᠷᠢᠥᠨᠬᠤ  ᠲᠤᠰᠢᠶᠠᠯ ᠢ ᠡᠭᠦᠷᠭᠡᠯᠡᠵᠦ  ᠪᠠᠶᠢᠭ᠎ᠠ ᠠᠯᠪᠠᠳᠠᠨ ᠨᠢ ᠬᠤᠪᠢ ᠬᠦᠮᠦᠨ ᠤ ᠪᠤᠶᠤ ᠪᠤᠰᠤᠤᠨ ᠰᠢᠯᠳᠠᠭᠠᠨ ᠠᠴᠠ ᠪᠤᠯᠵᠤ᠂  ᠦᠪᠡᠷ ᠤᠨ ᠲᠤᠷ᠎ᠠ ᠠᠴᠠ  ᠪᠠᠨ ᠤᠳᠤᠷᠢᠥᠨᠬᠤ ᠲᠤᠰᠢᠶᠠᠯ ᠠᠴᠠ ᠪᠠᠨ ᠪᠠᠭᠤᠬᠤ ᠶᠢ ᠲᠤᠷᠠᠥᠨᠴᠤ ᠪᠤᠯᠤᠨ᠎ᠠ᠃  ᠤᠳᠤᠷᠢᠥᠨᠬᠤ ᠪᠦᠷᠢᠯᠳᠦᠬᠦᠨ ᠠᠵᠢᠯ ᠤᠨ ᠬᠦᠨᠳᠦ ᠠᠯᠳᠠᠭ᠎ᠠ ᠭᠠᠷᠭᠠᠵᠤ᠂ ᠬᠠᠷᠢᠭᠤᠴᠠᠯᠭ᠎ᠠ ᠪᠠᠨ ᠠᠯᠳᠠᠵᠤ ᠬᠦᠨᠳᠦ  ᠶᠡᠭᠡ ᠬᠤᠬᠢᠷᠠᠯ ᠭᠠᠷᠭᠠᠭᠰᠠᠨ ᠪᠤᠶᠤ ᠨᠡᠶᠢᠭᠡᠮ ᠳᠤ ᠮᠠᠭᠤ ᠨᠦᠯᠦᠭᠡ ᠦᠵᠡᠬᠦᠯᠦᠭᠰᠡᠨ᠂ ᠡᠰᠡᠬᠦᠯ᠎ᠡ ᠲᠤᠮᠤ ᠶᠡᠭᠡ  ᠠᠳᠡᠯ ᠳᠤ ᠤᠳᠤᠷᠢᠥᠨᠬᠤ ᠬᠠᠷᠢᠭᠤᠴᠠᠯᠭ᠎ᠠ ᠲᠠᠢ ᠪᠠᠶᠢᠪᠠᠯ ᠪᠤᠷᠤᠭᠤ ᠪᠠᠨ ᠮᠡᠳᠡᠷᠡᠵᠦ ᠤᠳᠤᠷᠢᠥᠨᠬᠤ ᠲᠤᠰᠢᠶᠠᠯ ᠠᠴᠠ  ᠪᠠᠨ ᠪᠠᠭᠤᠬᠤ  ᠭᠡᠷᠡᠭᠳᠡᠢ᠃ ᠤᠳᠤᠷᠢᠥᠨᠬᠤ ᠪᠦᠷᠢᠯᠳᠦᠬᠦᠨ ᠠᠯᠳᠠᠭ᠎ᠠ ᠪᠤᠷᠤᠭᠤ ᠪᠠᠨ ᠮᠡᠳᠡᠷᠡᠵᠦ ᠲᠤᠰᠢᠶᠠᠯ ᠠᠴᠠ ᠪᠠᠨ  ᠪᠠᠭᠤᠬᠤ ᠶᠤᠰᠤᠳᠠᠢ ᠪᠤᠶᠤ ᠪᠤᠰᠤᠤᠨ ᠰᠢᠯᠳᠠᠭᠠᠨ ᠠᠴᠠ ᠪᠤᠯᠵᠤ ᠤᠳᠤ ᠶᠢᠨ ᠤᠳᠤᠷᠢᠥᠨᠬᠤ ᠲᠤᠰᠢᠶᠠᠯ  ᠢᠶᠠᠨ  ᠡᠭᠦᠷᠭᠡᠯᠡᠬᠦ ᠳᠤ ᠲᠤᠬᠢᠷᠠᠬᠤ ᠪᠠᠨ ᠪᠤᠯᠢᠭᠰᠠᠨ ᠪᠠᠶᠢᠳᠠᠯ᠎ᠠ ᠬᠤᠪᠢ ᠬᠦᠮᠦᠨ ᠨᠢ ᠲᠤᠰᠢᠶᠠᠯ ᠠᠴᠠ ᠪᠠᠨ ᠪᠠᠭᠤᠬᠤ ᠶᠢ  ᠲᠤᠷᠠᠥᠨᠬᠤ ᠦᠭᠡᠢ ᠪᠠᠶᠢᠪᠠᠯ ᠲᠡᠬᠦᠨ ᠢ ᠤᠳᠤᠷᠢᠥᠨᠬᠤ ᠲᠤᠰᠢᠶᠠᠯ ᠠᠴᠠ ᠪᠠᠭᠤᠬᠤ ᠭᠡᠷᠡᠭᠳᠡᠢ ᠭᠡᠵᠦ ᠠᠯᠪᠠᠳᠠᠨ  ᠱᠠᠭᠠᠷᠳᠠᠬᠤ ᠭᠡᠷᠡᠭᠳᠡᠢ᠃                         ᠨᠠᠶᠠᠨ ᠭᠤᠷᠪᠠᠳᠤᠭᠠᠷ ᠵᠦᠢᠯ     ᠠᠯᠪᠠᠳᠠᠨ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯ ᠠᠴᠠ  ᠨᠢ ᠵᠤᠭᠰᠤᠭᠠᠬᠤ ᠭᠡᠷᠡᠭᠳᠡᠢ᠄ ︵ᠨᠢᠭᠡ︶ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠬᠤᠶᠠᠷ ᠵᠢᠯ ᠲᠠᠷᠠᠭᠠᠯᠠᠨ  ᠲᠤᠰᠢᠶᠠᠯ ᠳᠠᠭᠠᠨ ᠦᠯᠦ ᠲᠡᠩᠴᠡᠬᠦ ᠪᠠᠷ ᠲᠤᠭᠳᠠᠭᠠᠭᠳᠠᠭᠰᠠᠥᠨ︔ ︵ᠬᠤᠶᠠᠷ︶ ᠤᠳᠤᠬᠢ ᠲᠤᠰᠢᠶᠠᠯ ᠤᠨ ᠠᠵᠢᠯ   ᠢᠶᠠᠨ ᠬᠦᠢᠴᠡᠥᠨᠭᠡᠵᠦ ᠴᠢᠳᠠᠬᠤ ᠦᠭᠡᠢ ᠪᠦᠭᠡᠥᠨ ᠪᠤᠰᠤᠤᠨ ᠲᠤᠬᠢᠷᠠᠭᠤᠯᠤᠯᠳᠠ ᠶᠢ ᠡᠰᠡ ᠬᠦᠯᠢᠶᠡᠭᠰᠡᠨ︔ ︵ᠭᠤᠷᠪᠠ  ︶ ᠤᠤᠯ ᠨᠢᠭᠡᠴᠡ  ᠶᠢ ᠨᠢ ᠲᠤᠬᠢᠷᠠᠭᠤᠯᠤᠯᠳᠠ ᠬᠢᠭᠰᠡᠨ᠂ ᠬᠠᠰᠤᠭᠰᠠᠨ᠂ ᠨᠡᠶᠢᠯᠡᠬᠦᠯᠦᠭᠰᠡᠨ ᠪᠤᠶᠤ ᠠᠵᠢᠯᠳᠠᠨ ᠤ  ᠤᠷᠤᠨ ᠲᠤᠭ᠎ᠠ ᠶᠢ ᠪᠠᠭᠠᠰᠬᠠᠭᠰᠠᠨ ᠠᠴᠠ ᠪᠤᠯᠵᠤ ᠠᠵᠢᠯ ᠲᠤᠬᠢᠷᠠᠭᠤᠯᠬᠤ ᠳᠤ ᠲᠤᠰ ᠬᠦᠮᠦᠨ ᠨᠢ ᠵᠦᠢ  ᠵᠤᠬᠢᠰᠳᠠᠢ  ᠲᠤᠬᠢᠷᠠᠭᠤᠯᠤᠯᠳᠠ ᠶᠢ ᠡᠰᠡ ᠵᠦᠪᠰᠢᠶᠡᠷᠡᠭᠰᠡᠨ︔ ︵ᠲᠦᠷᠪᠡ︶ ᠠᠯᠪᠠᠳᠠᠨ ᠤ ᠡᠭᠦᠷᠭᠡ ᠶᠢ ᠬᠦᠢᠴᠡᠥᠨᠭᠡᠬᠦ ᠦᠭᠡᠢ᠂  ᠠᠯᠪᠠᠳᠠᠨ ᠤ ᠰᠠᠬᠢᠯᠭ᠎ᠠ ᠪᠠᠳᠤ ᠶᠢ ᠵᠢᠷᠤᠮᠯᠠᠬᠤ ᠦᠭᠡᠢ᠂ ᠤᠯᠠᠨᠳᠠ ᠰᠤᠷᠭᠠᠪᠠᠴᠤ ᠵᠠᠰᠠᠷᠠᠬᠤ ᠦᠭᠡᠢ ᠪᠦᠭᠡᠥᠨ   ᠪᠠᠶᠢᠭᠤᠯᠭ᠎ᠠ ᠳᠤ ᠦᠷᠬᠦᠯᠵᠢᠯᠡᠨ ᠠᠵᠢᠯᠯᠠᠬᠤ ᠳᠤ ᠲᠤᠬᠢᠷᠠᠬᠤ  ᠦᠭᠡᠢ ᠪᠤᠯᠵᠤ᠂ ᠪᠠᠰᠠ ᠠᠵᠢᠯ ᠠᠴᠠ ᠨᠢ ᠬᠦᠭᠡᠭᠡᠬᠦ  ᠰᠢᠥᠨᠭᠡᠯ  ᠦᠭᠬᠦ ᠳᠤ ᠦᠯᠦ ᠵᠤᠬᠢᠴᠠᠭᠰᠠᠥᠨ︔ ︵ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠶᠠᠪᠤᠳᠠᠯ ᠢᠶᠠᠷ  ᠭᠠᠳᠠᠭᠰᠢ ᠭᠠᠷᠬᠤ ᠪᠠ ᠡᠷᠭᠡ ᠴᠢᠯᠦᠭᠡ  ᠭᠤᠶᠤᠭᠰᠠᠨ ᠬᠤᠭᠤᠴᠠᠭ᠎ᠠ ᠨᠢ ᠲᠤᠯᠤᠭᠠᠠᠥᠨ ᠵᠦᠢ ᠶᠤᠰᠤᠨ ᠤ ᠤᠴᠢᠷ  ᠰᠢᠯᠳᠠᠭᠠᠨ ᠦᠭᠡᠢ  ᠪᠠᠷ ᠴᠢᠯᠦᠭᠡ ᠠᠴᠠ ᠪᠠᠨ  ᠭᠡᠳᠦᠷᠡᠭᠡᠥᠨ ᠢᠷᠡᠬᠦ ᠦᠭᠡᠢ ᠵᠠᠯᠭᠠᠯᠳᠤᠭᠠᠪᠠᠷ ᠠᠷᠪᠠᠨ ᠲᠠᠪᠤᠨ ᠡᠳᠦᠷ  ᠬᠡᠳᠦᠷᠡᠭᠰᠡᠨ᠂ ᠡᠰᠡᠬᠦᠯ᠎ᠡ  ᠨᠢᠭᠡ ᠵᠢᠯ ᠳᠤ ᠨᠡᠶᠢᠳᠡ  ᠭᠤᠴᠢᠨ ᠡᠳᠦᠷ ᠠᠴᠠ ᠭᠡᠳᠦᠷᠡᠭᠰᠡᠨ᠃                         ᠨᠠᠶᠠᠨ ᠲᠦᠷᠪᠡᠳᠦᠭᠡᠷ ᠵᠦᠢᠯ     ᠠᠯᠪᠠᠳᠠᠨ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯ ᠠᠴᠠ  ᠨᠢ ᠵᠤᠭᠰᠤᠭᠠᠵᠤ ᠪᠤᠯᠬᠤ ᠦᠭᠡᠢ᠄ ︵ᠨᠢᠭᠡ︶ ᠠᠯᠪᠠᠨ ᠤᠴᠢᠷ ᠠᠴᠠ ᠪᠤᠯᠵᠤ ᠵᠡᠮᠳᠡᠭ ᠪᠤᠯᠵᠤ ᠠᠵᠢᠯᠯᠠᠬᠤ ᠴᠢᠳᠠᠪᠤᠷᠢ   ᠪᠠᠨ ᠠᠯᠳᠠᠭᠰᠠᠨ ᠪᠤᠶᠤ ᠭᠡᠰᠡᠭ  ᠲᠠᠯ᠎ᠠ ᠪᠠᠷ ᠠᠯᠳᠠᠭᠰᠠᠨ ᠭᠡᠵᠦ ᠨᠤᠳᠠᠯᠠᠨ ᠲᠤᠭᠳᠠᠭᠠᠭᠰᠠᠨ ︔ ︵ᠬᠤᠶᠠᠷ︶  ᠡᠪᠡᠥᠨᠴᠢᠯᠡᠭᠰᠡᠨ ᠪᠤᠶᠤ ᠰᠢᠷᠬᠠᠳᠤᠵᠤ᠂ ᠲᠤᠭᠳᠠᠭᠭᠠᠭᠰᠠ ᠡᠮᠴᠢᠯᠡᠬᠦ ᠬᠤᠭᠤᠴᠠᠭᠠᠨ ᠳᠤ ᠪᠠᠶᠢᠭ᠎ᠠ︔ ︵ᠭᠤᠷᠪᠠ︶   ᠡᠮᠡᠭᠳᠡᠢ ᠠᠯᠪᠠᠳᠠᠨ ᠵᠢᠷᠮᠤᠰᠤᠯᠡᠭᠰᠡᠨ ᠬᠤᠭᠤᠴᠠᠭ᠎ᠠ᠂ ᠬᠦᠡᠭᠭᠡᠵᠢᠬᠦ ᠴᠢᠯᠦᠭᠡ ᠪᠠ ᠬᠦᠬᠦᠬᠦᠯᠬᠦ  ᠬᠤᠭᠤᠴᠠᠭᠠᠨ ᠳᠤ  ᠪᠠᠶᠢᠬᠤ︔ ︵ᠲᠦᠷᠪᠡ︶ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠪᠠᠷ ᠲᠤᠭᠳᠠᠭᠠᠭᠰᠠᠨ ᠪᠤᠰᠤᠤᠨ ᠲᠠᠯ᠎ᠠ  ᠶᠢᠨ ᠠᠵᠢᠯ ᠠᠴᠠ ᠨᠢ ᠵᠤᠭᠰᠤᠭᠠᠵᠤ ᠦᠯᠦ ᠪᠤᠯᠬᠤ ᠪᠠᠶᠢᠳᠠᠯ ᠲᠠᠢ ᠪᠠᠶᠢᠬᠤ᠃                         ᠨᠠᠶᠠᠨ ᠲᠠᠪᠤᠳᠤᠭᠠᠷ ᠵᠦᠢᠯ     ᠠᠯᠪᠠᠳᠠᠨ ᠢ ᠠᠵᠢᠯ ᠠᠴᠠ ᠨᠢ ᠵᠤᠭᠰᠤᠭᠠᠬᠤ ᠳᠤ ᠬᠠᠮᠢᠶᠠᠷᠣᠯᠳᠡ ᠶᠢᠨ ᠡᠷᠭᠡ  ᠮᠡᠳᠡᠯ ᠤᠨ ᠭᠡᠪᠴᠢᠶ᠎ᠡ ᠶᠤᠰᠤᠭᠠᠷ ᠲᠤᠭᠳᠠᠭᠠᠨ᠎ᠠ᠃ ᠠᠵᠢᠯ ᠠᠴᠠ ᠨᠢ ᠵᠤᠭᠰᠤᠭᠠᠬᠤ ᠰᠢᠢᠥᠨᠪᠦᠷᠢ ᠶᠢ ᠪᠢᠴᠢᠭ ᠤᠨ  ᠭᠡᠯᠪᠡᠷᠢ ᠪᠠᠷ ᠠᠵᠢᠯ ᠠᠴᠠ ᠨᠢ ᠵᠤᠭᠰᠤᠭᠠᠬᠤ ᠠᠯᠪᠠᠳᠠᠨ ᠳᠤ ᠮᠡᠳᠡᠭᠳᠡᠬᠦ ᠭᠡᠷᠡᠭᠳᠡᠢ︔ ᠠᠵᠢᠯ ᠠᠴᠠ ᠪᠠᠨ  ᠵᠤᠭᠰᠤᠭᠠᠭᠳᠠᠭᠰᠠᠨ ᠠᠯᠪᠠᠳᠠᠨ᠂ ᠠᠵᠢᠯ ᠠᠴᠠ ᠵᠤᠭᠰᠤᠭᠰᠠᠨ ᠰᠦᠢᠥᠨᠭᠡᠯ ᠠᠪᠬᠤ ᠪᠤᠶᠤ ᠡᠰᠡᠬᠦᠯ᠎ᠡ ᠤᠯᠤᠰ ᠤᠨ  ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠦ ᠠᠵᠢᠯ ᠠᠯᠳᠠᠭᠰᠠᠨ ᠲᠠᠭᠠᠥᠨᠬᠠᠯ ᠬᠦᠷᠳᠡᠵᠦ ᠪᠤᠯᠤᠨ᠎ᠠ᠃            ᠨᠠᠶᠠᠨ ᠵᠢᠷᠭᠤᠳᠤᠭᠠᠷ ᠵᠦᠢᠯ     ᠠᠯᠪᠠᠳᠠᠨ ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠪᠠᠨ  ᠵᠤᠭᠰᠤᠭᠠᠭᠳᠠᠬᠤ ᠳᠤ᠂ ᠲᠤᠰᠢᠶᠠᠯ ᠠᠴᠠ ᠪᠠᠨ ᠰᠠᠯᠬᠤ ᠠᠴᠠ ᠡᠮᠦᠨ᠎ᠡ ᠠᠯᠪᠠᠨ ᠶᠠᠪᠤᠳᠠᠯ ᠢ ᠲᠤᠰᠢᠶᠠᠬᠤ ᠪᠠ  ᠬᠦᠯᠢᠶᠡᠨ ᠠᠪᠤᠭᠤᠯᠬᠤ ᠭᠠᠷ ᠬᠦᠢᠴᠡᠥᠨᠭᠡᠯ ᠬᠢᠵᠦ᠂ ᠴᠢᠬᠤᠯᠠᠳᠠᠢ ᠦᠶ᠎ᠡ ᠳᠤ ᠲᠤᠭᠳᠠᠭᠠᠯ ᠶᠤᠰᠤᠭᠠᠷ ᠬᠢᠨᠠᠨ ᠪᠤᠳᠤᠬᠤ  ᠶᠢ ᠬᠦᠯᠢᠶᠡᠬᠦ ᠭᠡᠷᠡᠭᠳᠡᠢ᠃                                                     ᠠᠷᠪᠠᠨ ᠲᠦᠷᠪᠡᠳᠦᠭᠡᠷ ᠪᠦᠯᠦᠭ  ᠠᠵᠢᠯ ᠠᠴᠠ ᠪᠠᠨ ᠠᠮᠠᠷᠠᠬᠤ                        ᠨᠠᠶᠠᠨ ᠲᠤᠯᠤᠳᠤᠭᠠᠷ ᠵᠦᠢᠯ     ᠠᠯᠪᠠᠳᠠᠨ ᠤᠯᠤᠰ ᠠᠴᠠ ᠲᠤᠭᠳᠠᠭᠠᠭᠰᠠᠨ ᠠᠵᠢᠯ ᠠᠴᠠ ᠠᠮᠠᠷᠠᠬᠤ  ᠨᠠᠰᠤᠨ ᠳᠤ ᠬᠦᠷᠦᠭᠰᠡᠨ ᠪᠤᠶᠤ ᠠᠵᠢᠯᠯᠠᠬᠤ ᠴᠢᠳᠠᠪᠤᠷᠢ  ᠪᠠᠨ ᠪᠦᠷᠢᠮᠦᠰᠦᠨ ᠠᠯᠳᠠᠭᠰᠠᠨ ᠪᠤᠯ ᠠᠵᠢᠯ ᠠᠴᠠ ᠪᠠᠨ  ᠠᠮᠠᠷᠠᠬᠤ ᠭᠡᠷᠡᠭᠳᠡᠢ᠃                     ᠨᠠᠶᠠᠨ ᠨᠠᠢᠮᠠᠳᠤᠭᠠᠷ ᠵᠦᠢᠯ     ᠠᠯᠪᠠᠳᠠᠨ ᠲᠤᠤᠷᠠᠬᠢ ᠨᠦᠬᠦᠴᠡᠯ ᠤᠨ ᠨᠢᠭᠡ ᠳᠤᠨᠢ ᠨᠡᠶᠢᠴᠡᠪᠡᠯ ᠲᠤᠰ  ᠬᠦᠮᠦᠨ ᠦᠪᠡᠷ ᠤᠨ ᠰᠠᠶᠢᠨ ᠲᠤᠷ᠎ᠠ ᠠᠴᠠ ᠪᠠᠨ ᠭᠤᠶᠤᠴᠢᠯᠠᠵᠤ ᠲᠤᠮᠢᠯᠠᠵᠤ ᠪᠠᠭᠤᠯᠭᠠᠬᠤ ᠪᠠᠶᠢᠭᠤᠯᠭ᠎ᠠ ᠪᠠᠷ  ᠵᠦᠪᠰᠢᠶᠡᠷᠡᠬᠦᠯᠪᠡᠯ ᠤᠷᠢᠥᠨᠴᠢᠯᠠᠨ ᠠᠵᠢᠯ ᠠᠴᠠ ᠪᠠᠨ ᠠᠮᠠᠷᠠᠵᠤ ᠪᠤᠯᠤᠨ᠎ᠠ᠄ ︵ᠨᠢᠭᠡ︶ ᠠᠵᠢᠯᠯᠠᠭᠰᠠᠨ ᠤᠨ ᠵᠢᠯ ᠨᠢ  ᠪᠦᠬᠦᠯᠢ ᠭᠤᠴᠢᠨ ᠵᠢᠯ ᠪᠤᠯᠤᠭᠰᠠᠨ︔ ︵ᠬᠤᠶᠠᠷ︶ ᠤᠯᠤᠰ ᠠᠴᠠ ᠲᠤᠭᠳᠠᠭᠠᠭᠰᠠᠨ ᠠᠵᠢᠯ ᠠᠴᠠ ᠪᠠᠨ ᠠᠮᠠᠷᠠᠬᠤ  ᠨᠠᠰᠤᠨ ᠳᠤ ᠬᠦᠷᠳᠡᠯ᠎ᠡ ᠲᠠᠪᠤᠨ ᠵᠢᠯ  ᠬᠦᠷᠬᠦ ᠦᠭᠡᠢ ᠪᠦᠭᠡᠥᠨ ᠠᠵᠢᠯᠯᠠᠭᠰᠠᠨ ᠤᠨ ᠵᠢᠯ ᠨᠢ ᠪᠦᠬᠦᠯᠢ ᠬᠤᠷᠢᠨ ᠵᠢᠯ  ᠪᠤᠯᠤᠭᠰᠠᠨ︔ ︵ᠭᠤᠷᠪᠠ︶ ᠤᠯᠤᠰ ᠠᠴᠠ ᠲᠤᠭᠳᠠᠭᠠᠭᠰᠠᠨ ᠤᠷᠢᠥᠨᠴᠢᠯᠠᠨ ᠠᠵᠢᠯ ᠠᠴᠠ ᠪᠠᠨ ᠠᠮᠠᠷᠠᠵᠤ ᠪᠤᠯᠬᠤ  ᠪᠤᠰᠤᠤᠨ  ᠪᠠᠶᠢᠳᠠᠯ ᠲᠠᠢ  ᠲᠤᠬᠢᠷᠠᠭᠰᠠᠨ᠃                        ᠨᠠᠶᠨ ᠶᠢᠰᠦᠳᠦᠭᠡᠷ ᠵᠦᠢᠯ     ᠠᠯᠪᠠᠳᠠᠨ ᠠᠵᠢᠯ ᠠᠴᠠ ᠠᠮᠠᠷᠠᠭᠰᠠᠨ ᠬᠤᠶᠢᠨ᠎ᠠ ᠤᠯᠤᠰ ᠠᠴᠠ  ᠲᠤᠭᠳᠠᠭᠠᠭᠰᠠᠨ ᠠᠵᠢᠯ ᠠᠴᠠ ᠠᠮᠠᠷᠠᠭᠰᠠᠨ ᠮᠦᠡᠭᠭᠦ ᠪᠤᠯᠤᠨ ᠪᠤᠰᠤᠤᠨ ᠤᠯᠭᠤᠮᠵᠢ ᠶᠢ ᠬᠦᠷᠳᠡᠨ᠎ᠡ︔ ᠤᠯᠤᠰ ᠠᠴᠠ  ᠲᠡᠬᠦᠨ ᠤ ᠠᠮᠢᠳᠤᠷᠠᠯ ᠪᠤᠯᠤᠨ ᠡᠷᠡᠬᠦᠯ ᠮᠡᠨᠳᠦ ᠳᠤ ᠴᠢᠬᠤᠯᠨ ᠪᠦᠬᠦᠢ ᠦᠢᠯᠡᠴᠢᠯᠡᠭᠡ ᠬᠢᠭᠡᠥᠨ ᠬᠠᠪᠰᠤᠷᠤᠯᠭ᠎ᠠ ᠦᠭᠴᠦ ᠂ ᠬᠤᠪᠢ ᠬᠦᠮᠦᠨ ᠤ ᠲᠠᠪᠠᠭᠤᠯᠢᠭ ᠢᠶᠠᠨ ᠪᠠᠳᠠᠷᠠᠭᠤᠯᠵᠤ ᠨᠡᠶᠢᠭᠡᠮ ᠤᠨ ᠬᠦᠭᠵᠢᠯᠳᠡ ᠳᠤ ᠤᠷᠤᠯᠴᠠᠬᠤ ᠶᠢ  ᠵᠤᠷᠢᠠᠠᠵᠢᠭᠤᠯᠤᠨ᠎ᠠ᠃        
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ