ᠠᠯᠪᠠᠲᠠᠨ ᠤ ᠬᠠᠥᠯᠢ ︵ᠶᠢᠰᠦ︶
ᠨᠡᠶᠢᠲᠡᠯᠡᠭᠰᠡᠨ ᠴᠠᠭ᠄
2022/9/14
                ᠠᠷᠪᠠᠨ ᠲᠠᠪᠤᠳᠤᠭᠠᠷ ᠪᠦᠯᠦᠭ     ᠭᠤᠮᠤᠳᠠᠯ ᠲᠤᠭᠠᠴᠢᠬᠤ ᠪᠠ ᠵᠠᠭᠠᠯᠳᠤᠬᠤ                         ᠶᠡᠷᠡᠳᠦᠭᠡᠷ ᠵᠦᠢᠯ     ᠠᠯᠪᠠᠳᠠᠨ ᠲᠤᠰ ᠪᠡᠶ᠎ᠡ ᠳᠤᠨᠢ ᠬᠤᠯᠪᠤᠭᠳᠠᠬᠤ ᠲᠤᠤᠷᠠᠬᠢ ᠮᠡᠳᠦ ᠠᠵᠢᠯᠳᠠᠨ ᠤ  ᠶᠠᠪᠤᠳᠠᠯ ᠤᠨ ᠰᠢᠢᠥᠨᠪᠦᠷᠢᠯᠡᠭᠰᠡᠨ ᠲᠤᠭᠳᠠᠭᠠᠯ ᠢ ᠵᠦᠪᠰᠢᠶᠡᠷᠡᠬᠦ ᠦᠭᠡᠢ ᠪᠤᠯ ᠲᠤᠰ ᠠᠵᠢᠯᠳᠠᠨ ᠤ ᠶᠠᠪᠤᠳᠠᠯ ᠤᠨ  ᠰᠢᠢᠥᠨᠪᠦᠷᠢ ᠶᠢ ᠮᠡᠳᠡᠭᠰᠡᠨ ᠡᠳᠦᠷ ᠠᠴᠠ ᠡᠭᠢᠯᠡᠵᠦ ᠭᠤᠴᠢᠨ ᠡᠳᠦᠷ ᠤᠨ ᠲᠤᠳᠤᠷ᠎ᠠ ᠤᠤᠯ ᠰᠢᠢᠥᠨᠪᠦᠷᠢᠯᠡᠭᠰᠡᠨ  ᠪᠠᠶᠢᠭᠤᠯᠭ᠎ᠠ ᠳᠤ ᠲᠠᠬᠢᠨ ᠬᠢᠨᠠᠭᠤᠯᠬᠤ ᠪᠠᠷ ᠭᠤᠶᠤᠴᠢᠯᠠᠯ ᠭᠠᠷᠭᠠᠨ᠎ᠠ︔ ᠲᠠᠬᠢᠨ ᠬᠢᠨᠠᠭᠰᠠᠨ ᠦᠷ᠎ᠡ ᠳ᠋ᠥᠩ ᠢ  ᠵᠦᠪᠰᠢᠶᠡᠷᠡᠬᠦ ᠦᠭᠡᠢ ᠪᠤᠯ ᠲᠠᠬᠢᠨ ᠬᠢᠨᠠᠭᠰᠠᠨ ᠲᠤᠭᠳᠠᠭᠠᠯ ᠢ ᠬᠦᠯᠢᠶᠡᠨ ᠠᠪᠤᠭᠰᠠᠨ ᠡᠳᠦᠷ ᠠᠴᠠ ᠡᠭᠢᠯᠡᠵᠦ ᠠᠷᠪᠠᠨ  ᠲᠠᠪᠤᠨ ᠡᠳᠦᠷ ᠤᠨ ᠲᠤᠳᠤᠷ᠎ᠠ ᠲᠤᠭᠳᠠᠭᠠᠯ ᠶᠤᠰᠤᠭᠠᠷ  ᠠᠳᠠᠯᠢ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ  ᠰᠠᠯᠠᠭ᠎ᠠ ᠮᠦᠴᠢᠷ ᠪᠤᠶᠤ ᠲᠤᠰ ᠠᠵᠢᠯᠳᠠᠨ ᠤ ᠶᠠᠪᠤᠳᠠᠯ ᠢ ᠰᠢᠢᠥᠨᠪᠦᠷᠢᠯᠡᠭᠰᠡᠨ ᠪᠠᠶᠢᠭᠤᠯᠭ᠎ᠠ ᠶᠢᠨ ᠲᠡᠭᠡᠳᠦ ᠱᠠᠳᠤᠨ ᠤ  ᠪᠠᠶᠢᠭᠤᠯᠭ᠎ᠠ ᠳᠤ ᠭᠤᠮᠤᠳᠠᠯ ᠲᠤᠭᠠᠴᠢᠵᠤ ᠪᠤᠯᠤᠨ᠎ᠠ︔ ᠲᠠᠬᠢᠨ ᠬᠢᠨᠠᠬᠤ ᠶᠢ ᠲᠠᠮᠵᠢᠬᠤ ᠦᠭᠡᠢ ᠪᠠᠷ ᠲᠤᠰ  ᠠᠵᠢᠯᠳᠠᠨ ᠤ ᠶᠠᠪᠤᠳᠠᠯ ᠤᠨ ᠰᠢᠢᠥᠨᠪᠦᠷᠢᠯᠡᠭᠰᠡᠨ ᠲᠤᠭᠳᠠᠭᠠᠯ ᠢ ᠮᠡᠳᠡᠭᠰᠡᠨ ᠡᠳᠦᠷ ᠠᠴᠠ ᠡᠭᠢᠯᠡᠵᠦ ᠭᠤᠴᠢᠨ ᠡᠳᠦᠷ ᠤᠨ  ᠲᠤᠳᠤᠷ᠎ᠠ ᠰᠢᠭᠤᠤᠨ ᠭᠤᠮᠤᠳᠠᠯ ᠲᠤᠭᠠᠴᠢᠵᠤ ᠪᠠᠰᠠ ᠪᠤᠯᠤᠨ᠎ᠠ᠄ ︵ᠨᠢᠭᠡ︶ ᠰᠢᠥᠨᠭᠡᠯ ᠦᠭᠬᠦ ︔ ︵ᠬᠤᠶᠠᠷ︶ ᠠᠵᠢᠯ  ᠠᠴᠠ ᠨᠢ ᠵᠤᠭᠰᠤᠭᠠᠬᠤ ᠡᠰᠡᠬᠦᠯ᠎ᠡ ᠡᠯᠰᠡᠨ ᠭᠡᠷᠡᠭᠯᠡᠬᠦ ᠶᠢ ᠬᠦᠴᠦᠨ ᠦᠭᠡᠢ  ᠪᠤᠯᠭᠠᠬᠤ︔ ︵ᠭᠤᠷᠪᠠ︶ ᠲᠤᠰᠢᠶᠠᠯ ᠢ  ᠨᠢ ᠪᠠᠭᠤᠷᠠᠭᠤᠯᠬᠤ︔ ︵ᠲᠦᠷᠪᠡ︶ ᠲᠤᠭᠳᠠᠮᠠᠯ ᠬᠤᠭᠤᠴᠠᠭ᠎ᠠ ᠲᠠᠢ ᠬᠢᠨᠠᠨ ᠰᠢᠯᠭᠠᠯᠳᠠ ᠳᠤ ᠲᠤᠰᠢᠶᠠᠯ ᠳᠠᠭᠠᠨ  ᠦᠯᠦ ᠲᠡᠩᠴᠡᠬᠦ ᠪᠠᠷ ᠲᠤᠭᠳᠠᠬᠤ︔ ︵ᠲᠠᠪᠤ︶ ᠲᠤᠰᠢᠶᠠᠯ ᠠᠴᠠ ᠨᠢ ᠣᠭᠴᠠᠷᠠᠭᠤᠯᠣᠭᠰᠠᠨ︔ ︵ᠵᠢᠷᠭᠤᠭ᠎ᠠ︶  ᠲᠤᠰᠢᠶᠠᠯ ᠠᠴᠠ ᠪᠠᠭᠤᠬᠤ᠂ ᠤᠷᠢᠥᠨᠴᠢᠯᠠᠨ ᠠᠵᠢᠯ ᠠᠴᠠ ᠪᠠᠨ ᠠᠮᠠᠷᠠᠬᠤ ᠶᠢ ᠭᠤᠶᠤᠴᠢᠯᠠᠭᠠᠥᠨ ᠦᠯᠦ  ᠵᠦᠪᠰᠢᠶᠡᠷᠡᠭᠰᠡᠨ ︔ ︵ᠲᠤᠯᠤᠭ᠎ᠠ︶ ᠴᠠᠯᠢᠩ ᠠᠰᠠᠷᠠᠮᠵᠢ ᠲᠠᠭᠠᠥᠨᠬᠠᠯ ᠤᠨ ᠤᠯᠭᠤᠮᠵᠢ ᠶᠢ ᠲᠤᠭᠳᠠᠭᠠᠯ ᠶᠤᠰᠤᠭᠠᠷ  ᠲᠤᠭᠳᠠᠭᠠᠵᠤ ᠦᠭᠬᠦᠭᠰᠡᠨ ᠦᠭᠡᠢ ᠪᠤᠶᠤ ᠬᠠᠰᠤᠭᠰᠠᠨ︔ ︵ᠨᠠᠢᠮᠨ ︶ ᠬᠠᠥᠯᠢ ᠴᠠᠭᠠᠵᠠ ᠬᠠᠥᠯᠢ ᠲᠦᠷᠢᠮ ᠳᠤ  ᠲᠤᠭᠳᠠᠭᠠᠭᠰᠠᠨ ᠭᠤᠮᠤᠳᠠᠯ ᠲᠤᠭᠠᠴᠢᠵᠤ ᠪᠤᠯᠬᠤ ᠪᠤᠰᠤᠤᠨ ᠪᠠᠶᠢᠳᠠᠯ᠃ ᠮᠤᠵᠢ ᠶᠢᠨ ᠱᠠᠳᠤᠨ ᠠᠴᠠ ᠲᠤᠷᠤᠭᠰᠢᠬᠢ  ᠪᠠᠶᠢᠭᠤᠯᠭ᠎ᠠ ᠠᠴᠠ ᠭᠠᠷᠭᠠᠭᠰᠠᠨ ᠭᠤᠮᠤᠳᠠᠯ ᠲᠤᠭᠠᠴᠢᠬᠤ ᠶᠢ ᠰᠢᠢᠥᠨᠪᠦᠷᠢᠯᠡᠭᠰᠡᠨ ᠲᠤᠭᠳᠠᠭᠠᠯ ᠢ ᠵᠦᠪᠰᠢᠶᠡᠷᠡᠬᠦ ᠦᠭᠡᠢ  ᠪᠤᠯ ᠲᠤᠭᠳᠠᠭᠠᠯ ᠭᠠᠷᠭᠠᠭᠰᠠᠨ ᠪᠠᠶᠢᠭᠤᠯᠭ᠎ᠠ  ᠶᠢᠨ ᠲᠡᠭᠡᠳᠦ ᠱᠠᠳᠤᠨ ᠤ ᠪᠠᠶᠢᠭᠤᠯᠭ᠎ᠠ ᠳᠤ ᠲᠠᠬᠢᠨ ᠭᠤᠮᠤᠳᠠᠯ  ᠲᠤᠭᠠᠴᠢᠵᠤ ᠪᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠳᠠᠨ ᠰᠢᠥᠨᠭᠡᠯ ᠦᠭᠬᠦ ᠶᠢ ᠵᠦᠪᠰᠢᠶᠡᠷᠡᠬᠦ  ᠦᠭᠡᠢ ᠪᠠᠶᠢᠵᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠭᠤᠮᠤᠳᠠᠯ ᠲᠤᠭᠠᠴᠢᠪᠠᠯ ︽ᠪᠦᠬᠦᠳᠠ  ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠥᠯᠢ︾ ᠶᠢᠨ ᠲᠤᠭᠳᠠᠭᠠᠯ  ᠢᠶᠠᠷ ᠬᠢᠨ᠎ᠡ᠃                          ᠶᠡᠷᠡᠨ ᠨᠢᠭᠡᠳᠦᠭᠡᠷ ᠵᠦᠢᠯ   ᠤᠤᠯ ᠰᠢᠢᠥᠨᠪᠦᠷᠢᠯᠡᠭᠰᠡᠨ ᠪᠠᠶᠢᠭᠤᠯᠭ᠎ᠠ ᠲᠠᠬᠢᠨ ᠬᠢᠨᠠᠬᠤ ᠭᠤᠶᠤᠴᠢᠯᠠᠯ ᠤᠨ  ᠪᠢᠴᠢᠭ ᠢ ᠬᠦᠯᠢᠶᠡᠵᠤ ᠠᠪᠤᠭᠰᠠᠨ ᠭᠤᠴᠢᠨ ᠡᠳᠦᠷ ᠤᠨ ᠲᠤᠳᠤᠷ᠎ᠠ ᠲᠠᠬᠢᠨ ᠬᠢᠨᠠᠭᠰᠠᠨ ᠲᠤᠭᠳᠠᠭᠠᠯ ᠭᠠᠷᠭᠠᠬᠤ  ᠭᠡᠷᠡᠭᠳᠡᠢ᠃ ᠠᠯᠪᠠᠳᠠᠨ ᠤ ᠭᠤᠮᠤᠳᠠᠯ ᠲᠤᠭᠠᠴᠢᠯᠲᠠ ᠶᠢ ᠬᠦᠯᠢᠶᠡᠨ ᠠᠪᠤᠭᠰᠠᠨ ᠪᠠᠶᠢᠭᠤᠯᠭ᠎ᠠ ᠨᠢ ᠬᠦᠯᠢᠶᠡᠵᠤ  ᠠᠪᠤᠭᠰᠠᠨ ᠡᠳᠦᠷ ᠠᠴᠠ ᠵᠢᠷᠠᠨ ᠡᠳᠦᠷ ᠤᠨ ᠲᠤᠳᠤᠷ᠎ᠠ ᠰᠢᠢᠥᠨᠪᠦᠷᠢᠯᠡᠭᠰᠡᠨ ᠲᠤᠭᠳᠠᠭᠠᠯ ᠭᠠᠷᠭᠠᠬᠤ ᠭᠡᠷᠡᠭᠳᠡᠢ︔  ᠭᠡᠷᠡᠭ ᠤᠨ ᠪᠠᠶᠢᠳᠠᠯ ᠨᠢ ᠪᠤᠳᠤᠯᠢᠶᠠᠨᠳᠠᠢ ᠪᠤᠯ ᠴᠠᠭ ᠬᠤᠭᠤᠴᠠᠭ᠎ᠠ ᠶᠢ ᠵᠤᠬᠢᠰᠳᠠᠢ ᠤᠷᠳᠤᠤᠨᠬᠠᠵᠤ ᠪᠤᠯᠤᠨ᠎ᠠ᠂ ᠭᠡᠪᠡᠴᠦ  ᠤᠷᠳᠤᠤᠨᠬᠠᠭᠰᠠᠨ ᠬᠤᠭᠤᠴᠠᠭ᠎ᠠ ᠨᠢ ᠭᠤᠴᠢᠨ ᠡᠳᠦᠷ ᠠᠴᠠ ᠭᠡᠳᠦᠷᠡᠵᠦ ᠪᠤᠯᠬᠤ ᠦᠭᠡᠢ᠃ ᠲᠠᠬᠢᠨ ᠬᠢᠨᠠᠬᠤ ᠪᠠ  ᠭᠤᠮᠤᠳᠠᠯ ᠲᠤᠭᠠᠴᠢᠭᠰᠠᠨ ᠬᠤᠭᠤᠴᠠᠭᠠᠨ ᠳᠤ ᠠᠵᠢᠯᠳᠠᠨ ᠤ ᠶᠠᠪᠤᠳᠠᠯ ᠤᠨ ᠰᠢᠢᠥᠨᠪᠦᠷᠢ ᠶᠢ ᠭᠡᠷᠡᠭᠵᠢᠬᠦᠯᠬᠦ ᠪᠠᠨ  ᠵᠤᠭᠰᠤᠭᠠᠬᠤ ᠦᠭᠡᠢ᠃                          ᠶᠡᠷᠡᠨ ᠬᠤᠶᠠᠳᠤᠭᠠᠷ ᠵᠦᠢᠯ   ᠠᠯᠪᠠᠳᠠᠨ ᠤ ᠭᠤᠮᠤᠳᠠᠯ ᠲᠤᠭᠠᠴᠢᠬᠤ ᠶᠢ ᠬᠦᠯᠢᠶᠡᠨ ᠠᠪᠤᠭᠰᠠᠨ ᠪᠠᠶᠢᠭᠤᠯᠭ᠎ᠠ  ᠠᠴᠠ ᠠᠵᠢᠯᠳᠠᠨ ᠤ ᠶᠠᠪᠤᠳᠠᠯ ᠢ ᠪᠤᠷᠤᠭᠤ ᠰᠢᠢᠥᠨᠪᠦᠷᠢᠯᠡᠭᠰᠡᠨ ᠢ ᠬᠢᠨᠠᠨ ᠲᠤᠳᠤᠯᠠᠭᠰᠠᠨ ᠪᠤᠯ ᠤᠤᠯ ᠰᠢᠢᠥᠨᠪᠦᠷᠢᠯᠡᠭᠰᠡᠨ  ᠪᠠᠶᠢᠭᠤᠯᠭ᠎ᠠ ᠵᠠᠪᠠᠯ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠳᠡᠢ᠃                           ᠶᠡᠷᠡᠨ ᠭᠤᠷᠪᠠᠳᠤᠭᠠᠷ ᠵᠦᠢᠯ   ᠠᠯᠪᠠᠳᠠᠨ ᠠᠴᠠ ᠪᠠᠶᠢᠭᠤᠯᠭ᠎ᠠ ᠬᠢᠭᠡᠥᠨ ᠲᠡᠬᠦᠨ ᠤ ᠤᠳᠤᠷᠢᠥᠨᠬᠤ ᠬᠦᠮᠦᠨ  ᠦᠪᠡᠷ ᠤᠨ ᠬᠢᠨᠢ ᠬᠠᠥᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠭᠡᠵᠦ ᠦᠵᠡᠪᠡᠯ ᠬᠠᠥᠯᠢ ᠶᠤᠰᠤᠭᠠᠷ ᠲᠡᠭᠡᠳᠦ  ᠱᠠᠳᠤᠨ ᠤ ᠪᠠᠶᠢᠭᠤᠯᠭ᠎ᠠ ᠪᠤᠶᠤ ᠡᠰᠡᠬᠦᠯ᠎ᠡ ᠬᠠᠮᠢᠶ᠎ᠠ ᠲᠠᠢ ᠲᠤᠰᠬᠠᠢ ᠪᠠᠶᠢᠭᠤᠯᠤᠮᠵᠢ ᠳᠤ ᠵᠠᠭᠠᠯᠳᠤᠯᠭ᠎ᠠ ᠬᠢᠵᠦ ᠪᠤᠯᠤᠨ᠎ᠠ᠃ ᠵᠠᠭᠠᠯᠳᠤᠯᠭ᠎ᠠ ᠶᠢ ᠬᠦᠯᠢᠶᠡᠵᠦ ᠠᠪᠤᠭᠰᠠᠨ ᠪᠠᠶᠢᠭᠤᠯᠭ᠎ᠠ ᠲᠤᠭᠳᠠᠭᠠᠯ ᠶᠤᠰᠤᠭᠠᠷ ᠴᠠᠭ ᠲᠠᠷᠤᠢ ᠳᠤᠨᠢ ᠰᠢᠢᠥᠨᠪᠦᠷᠢᠯᠡᠬᠦ   ᠭᠡᠷᠡᠭᠳᠡᠢ ᠃                       ᠶᠡᠷᠡᠨ ᠲᠦᠷᠪᠡᠳᠦᠭᠡᠷ ᠵᠦᠢᠯ  ᠠᠯᠪᠠᠳᠠᠨ ᠭᠤᠮᠤᠳᠠᠯ ᠲᠤᠭᠠᠴᠢᠬᠤ ᠪᠠ ᠵᠠᠭᠠᠯᠳᠤᠯᠭ᠎ᠠ ᠭᠠᠷᠭᠠᠬᠤ ᠳᠠᠭᠠᠨ  ᠬᠤᠳᠠᠯ ᠭᠡᠷᠡᠭ ᠵᠤᠬᠢᠶᠠᠵᠤ ᠪᠤᠰᠤᠤᠨ ᠢ ᠬᠦᠥᠨᠭᠡᠵᠦ ᠬᠤᠤᠷᠯᠠᠵᠤ ᠪᠤᠯᠬᠤ ᠦᠭᠡᠢ᠃                                                  ᠠᠷᠪᠠᠨ ᠵᠢᠷᠭᠤᠳᠤᠭᠠᠷ ᠪᠦᠯᠦᠭ     ᠲᠤᠰᠢᠶᠠᠯ ᠤᠨ ᠪᠠᠶᠢᠷᠢ ᠳᠤ ᠤᠷᠢᠨ ᠲᠤᠮᠢᠯᠠᠬᠤ                         ᠶᠡᠷᠡᠨ ᠲᠠᠪᠤᠳᠤᠭᠠᠷ ᠵᠦᠢᠯ     ᠪᠠᠶᠢᠭᠤᠯᠭ᠎ᠠ ᠨᠢ ᠠᠵᠢᠯ ᠤᠨ ᠭᠡᠷᠡᠭᠴᠡᠭᠡ ᠪᠠᠨ ᠦᠨᠳᠦᠰᠦᠯᠡᠨ᠂ ᠮᠤᠵᠢ ᠶᠢᠨ  ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠨ ᠲᠤᠰᠬᠠᠢ  ᠮᠡᠷᠭᠡᠵᠢᠯ ᠤᠨ ᠴᠢᠨᠠᠷ ᠢᠶᠠᠷ ᠨᠡᠯᠢᠶᠡᠥᠨ ᠴᠢᠩᠭ᠎ᠠ ᠲᠤᠰᠢᠶᠠᠯ ᠤᠨ ᠪᠠᠶᠢᠷᠢ ᠪᠠ ᠲᠤᠰᠠᠯᠠᠬᠤ ᠴᠢᠨᠠᠷ ᠲᠠᠢ ᠲᠤᠰᠢᠶᠠᠯ ᠤᠨ  ᠪᠠᠶᠢᠷᠢ ᠳᠤ ᠤᠷᠢᠨ ᠲᠤᠮᠢᠯᠠᠬᠤ ᠲᠦᠷᠢᠮ ᠢ ᠭᠡᠷᠡᠭᠵᠢᠬᠦᠯᠵᠦ ᠪᠤᠯᠤᠨ᠎ᠠ᠃ ᠡᠮᠦᠨᠡᠬᠢ ᠵᠤᠷᠪᠤᠰ ᠲᠤ ᠵᠢᠭᠰᠠᠭᠠᠭᠰᠠᠨ  ᠲᠤᠰᠢᠶᠠᠯ ᠤᠨ ᠪᠠᠶᠢᠷᠢ ᠨᠢ ᠤᠯᠤᠰ ᠤᠨ ᠨᠢᠭᠤᠴᠠ ᠳᠤ ᠬᠤᠯᠪᠤᠭᠳᠠᠪᠠᠯ ᠤᠷᠢᠨ ᠲᠤᠮᠢᠯᠠᠬᠤ ᠲᠦᠷᠢᠮ ᠢ ᠭᠡᠷᠡᠭᠵᠢᠬᠦᠯᠬᠦ  ᠦᠭᠡᠢ᠃                          ᠶᠡᠷᠡᠨ ᠵᠢᠷᠭᠤᠳᠤᠭᠠᠷ ᠵᠦᠢᠯ     ᠪᠠᠶᠢᠭᠤᠯᠭ᠎ᠠ ᠠᠴᠠ ᠠᠯᠪᠠᠳᠠᠨ ᠢ ᠤᠷᠢᠨ ᠲᠤᠮᠢᠯᠠᠬᠤ ᠳᠤ ᠠᠯᠪᠠᠳᠠᠨ ᠢ  ᠰᠢᠯᠭᠠᠨ ᠡᠯᠰᠡᠬᠦ ᠵᠢᠷᠤᠮ ᠢᠶᠠᠷ ᠯᠠᠪᠯᠠᠯᠳᠠ ᠪᠤᠯᠭᠠᠵᠤ ᠢᠯᠨ ᠪᠠᠷ ᠤᠷᠢᠨ ᠡᠯᠰᠡᠵᠦ ᠪᠤᠯᠤᠨ᠎ᠠ᠂ ᠨᠦᠬᠦᠴᠡᠯ ᠬᠦᠷᠦᠭᠰᠡᠨ  ᠬᠦᠮᠦᠰ ᠤᠨ ᠲᠤᠮᠳᠠ ᠠᠴᠠ ᠰᠢᠭᠤᠤᠨ ᠰᠤᠩᠭᠤᠨ ᠤᠷᠢᠵᠤ ᠪᠠᠰᠠ ᠪᠤᠯᠤᠨ᠎ᠠ᠃ ᠪᠠᠶᠢᠭᠤᠯᠭ᠎ᠠ  ᠠᠴᠠ ᠠᠯᠪᠠᠳᠠᠨ ᠢ  ᠤᠷᠢᠨ ᠲᠤᠮᠢᠯᠠᠬᠤ ᠳᠤ ᠲᠤᠭᠳᠠᠭᠰᠠᠨ ᠤᠷᠤᠨ ᠲᠤᠭ᠎ᠠ ᠪᠤᠯᠤᠨ ᠴᠠᠯᠢᠩ ᠤᠨ ᠵᠠᠷᠤᠳᠠᠯ ᠤᠨ ᠬᠢᠵᠠᠭᠠᠷᠯᠠᠭᠰᠠᠨ ᠲᠤᠭ᠎ᠠ  ᠲᠤᠳᠤᠷ᠎ᠠ ᠶᠠᠪᠤᠭᠤᠯᠬᠤ ᠭᠡᠷᠡᠭᠳᠡᠢ᠃                         ᠶᠡᠷᠡᠨ ᠲᠤᠯᠤᠳᠤᠭᠠᠷ ᠵᠦᠢᠯ     ᠪᠠᠶᠢᠭᠤᠯᠭ᠎ᠠ ᠠᠴᠠ ᠠᠯᠪᠠᠳᠠᠨ ᠢ ᠤᠷᠢᠨ ᠲᠤᠮᠢᠯᠠᠬᠤ ᠳᠤ ᠵᠠᠪᠠᠯ ᠡᠷᠭᠡ  ᠲᠡᠭᠰᠢ ᠰᠠᠶᠢᠨ ᠲᠤᠷ᠎ᠠ ᠠᠴᠠ᠂ ᠵᠦᠪᠳᠡᠯᠴᠡᠨ ᠨᠢᠭᠡᠳᠦᠯᠳᠡᠢ ᠪᠠᠶᠢᠬᠤ ᠵᠠᠷᠴᠢᠮ ᠤᠨ ᠶᠤᠰᠤᠭᠠᠷ ᠪᠢᠴᠢᠭ ᠤᠨ ᠬᠡᠯᠪᠡᠷᠢ  ᠪᠠᠷ ᠤᠷᠢᠨ ᠲᠤᠮᠢᠯᠠᠬᠤ ᠭᠡᠷ᠎ᠡ ᠲᠤᠭᠳᠠᠨ᠂ ᠪᠠᠶᠢᠭᠤᠯᠭ᠎ᠠ ᠪᠠ ᠤᠷᠢᠭᠳᠠᠭᠰᠠᠨ ᠠᠯᠪᠠᠳᠠᠨ ᠬᠤᠶᠠᠷ ᠲᠠᠯ᠎ᠠ ᠶᠢᠨ ᠡᠷᠭᠡ  ᠪᠠ ᠡᠭᠦᠷᠭᠡ ᠶᠢ ᠲᠤᠳᠤᠷᠬᠠᠢᠢᠯᠠᠨ᠎ᠠ᠃ ᠬᠤᠶᠠᠷ ᠲᠠᠯ᠎ᠠ ᠪᠠᠷ ᠢᠶᠠᠨ ᠵᠦᠪᠳᠡᠯᠴᠡᠨ ᠨᠢᠭᠡᠥᠨᠪᠡᠯ ᠤᠷᠢᠨ ᠲᠤᠮᠢᠯᠠᠬᠤ ᠭᠡᠷ᠎ᠡ  ᠶᠢ ᠬᠤᠪᠢᠷᠠᠭᠠᠬᠤ ᠦᠭᠡᠢ ᠪᠤᠶᠤ ᠬᠦᠴᠦᠨ ᠦᠭᠡᠢ ᠪᠤᠯᠭᠠᠵᠤ ᠪᠤᠯᠤᠨ᠎ᠠ᠃ ᠤᠷᠢᠨ ᠲᠤᠮᠢᠯᠠᠬᠤ ᠭᠡᠷ᠎ᠡ ᠲᠤᠭᠳᠠᠭᠠᠬᠤ᠂  ᠬᠤᠪᠢᠷᠠᠭᠠᠬᠤ ᠪᠤᠶᠤ ᠬᠦᠴᠦᠨ ᠦᠭᠡᠢ ᠪᠤᠯᠭᠠᠬᠤ ᠳᠤ ᠵᠠᠪᠠᠯ ᠠᠳᠠᠯᠢ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ  ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ᠃                         ᠶᠡᠷᠡᠨ ᠨᠠᠢᠮᠠᠳᠤᠭᠠᠷ ᠵᠦᠢᠯ     ᠤᠷᠢᠨ ᠲᠤᠮᠢᠯᠠᠬᠤ ᠭᠡᠷ᠎ᠡ ᠨᠢ ᠵᠠᠪᠠᠯ ᠭᠡᠷ᠎ᠡ ᠶᠢᠨ ᠬᠤᠭᠤᠴᠠᠭ᠎ᠠ᠂  ᠲᠤᠰᠢᠶᠠᠯ ᠤᠨ ᠪᠠᠶᠢᠷᠢ ᠵᠢᠴᠢ ᠲᠡᠬᠦᠨ ᠤ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ᠂ ᠴᠠᠯᠢᠩ ᠠᠰᠠᠷᠠᠮᠵᠢ  ᠲᠠᠭᠠᠥᠨᠬᠠᠯ ᠤᠨ ᠤᠯᠭᠤᠮᠵᠢ᠂ ᠪᠤᠯᠵᠤᠭ᠎ᠠ ᠠᠴᠠ ᠵᠦᠷᠢᠴᠡᠭᠰᠡᠨ ᠬᠠᠷᠢᠭᠤᠴᠠᠯᠭ᠎ᠠ ᠵᠡᠷᠭᠡ ᠵᠦᠢᠯ ᠢ ᠪᠦᠷᠢᠯᠳᠦᠬᠦᠯᠬᠦ  ᠭᠡᠷᠡᠭᠳᠡᠢ᠃ ᠤᠷᠢᠨ ᠲᠤᠮᠢᠯᠠᠬᠤ ᠭᠡᠷ᠎ᠡ ᠶᠢᠨ ᠬᠤᠭᠤᠴᠠᠭ᠎ᠠ ᠨᠢ ᠨᠢᠭᠡ ᠵᠢᠯ ᠠᠴᠠ ᠲᠠᠪᠤᠨ ᠵᠢᠯ ᠪᠠᠶᠢᠵᠤ ᠪᠤᠯᠤᠨ᠎ᠠ᠃  ᠤᠷᠢᠨ ᠲᠤᠮᠢᠯᠠᠬᠤ ᠭᠡᠷ᠎ᠡ ᠳᠤ ᠲᠤᠷᠰᠢᠨ  ᠭᠡᠷᠡᠭᠯᠡᠬᠦ ᠬᠤᠭᠤᠴᠠᠭ᠎ᠠ ᠲᠤᠭᠳᠠᠭᠠᠵᠤ ᠪᠤᠯᠤᠨ᠎ᠠ᠂ ᠲᠤᠷᠰᠢᠨ ᠭᠡᠷᠡᠭᠯᠡᠬᠦ  ᠬᠤᠭᠤᠴᠠᠭ᠎ᠠ ᠨᠢ  ᠨᠢᠭᠡ ᠰᠠᠷ᠎ᠠ ᠠᠴᠠ ᠵᠢᠷᠭᠤᠭᠠᠨ ᠰᠠᠷ᠎ᠠ ᠪᠤᠯᠤᠨ᠎ᠠ᠃ ᠤᠷᠢᠨ ᠲᠤᠮᠢᠯᠠᠬᠤ ᠲᠦᠷᠢᠮᠳᠤ ᠠᠯᠪᠠᠳᠠᠨ ᠳᠤ  ᠤᠯᠤᠰ ᠤᠨ ᠲᠤᠭᠳᠠᠭᠠᠯ ᠶᠤᠰᠤᠭᠠᠷ ᠭᠡᠯᠡᠯᠴᠡᠭᠡᠷ ᠢᠶᠠᠷ ᠦᠭᠬᠦ ᠴᠠᠯᠢᠩ ᠤᠨ ᠲᠦᠷᠢᠮ ᠢ ᠭᠡᠷᠡᠭᠵᠢᠬᠦᠯᠦᠨ᠎ᠡ᠂ ᠪᠤᠳᠠᠳᠤ  ᠠᠷᠭ᠎ᠠ  ᠶᠢ ᠲᠦᠪ ᠤᠨ ᠠᠯᠪᠠᠳᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃            ᠶᠡᠷᠡ ᠶᠢᠰᠦᠳᠦᠭᠡᠷ ᠵᠦᠢᠯ     ᠪᠠᠶᠢᠭᠤᠯᠭ᠎ᠠ ᠨᠢ ᠲᠤᠰ ᠬᠠᠥᠯᠢ ᠬᠢᠭᠡᠥᠨ ᠤᠷᠢᠨ ᠲᠤᠮᠢᠯᠠᠬᠤ ᠭᠡᠷ᠎ᠡ ᠶᠢ  ᠦᠨᠳᠦᠰᠦᠯᠡᠵᠦ ᠤᠷᠢᠵᠤ ᠭᠡᠷᠡᠭᠯᠡᠭᠰᠡᠨ ᠠᠯᠪᠠᠳᠠᠨ ᠳᠤ ᠬᠠᠮᠢᠶᠠᠷᠤᠯᠳᠠ ᠭᠢᠨ᠎ᠡ᠃                       ᠵᠠᠭᠤᠳᠤᠭᠠᠷ ᠵᠦᠢᠯ     ᠤᠯᠤᠰ ᠠᠴᠠ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ  ᠲᠠᠰᠤᠯᠬᠤ ᠲᠦᠷᠢᠮ ᠢ ᠪᠠᠶᠢᠭᠤᠯᠤᠨ᠎ᠠ᠃ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠳᠤ  ᠵᠠᠪᠠᠯ  ᠬᠠᠥᠯᠢ ᠳᠤ ᠨᠡᠶᠢᠴᠡᠬᠦ᠂ ᠲᠦᠪ  ᠭᠤᠤᠯᠴᠢ᠂ ᠲᠠᠷᠦ᠋ᠢᠬᠠᠨ ᠰᠢᠢᠥᠨᠪᠦᠷᠢᠯᠡᠬᠦ ᠵᠠᠷᠴᠢᠮ ᠢ ᠦᠨᠳᠦᠰᠦᠯᠡᠵᠦ᠂  ᠮᠠᠷᠭᠤᠭᠠᠨ ᠲᠠᠢ ᠬᠤᠶᠠᠷ ᠲᠠᠯ᠎ᠠ ᠶᠢᠨ ᠬᠠᠥᠯᠢ ᠶᠤᠰᠤᠨ ᠤ ᠡᠷᠭᠡ ᠠᠰᠢᠭ ᠢ ᠬᠠᠥᠯᠢ ᠪᠠᠷ ᠬᠠᠮᠠᠭᠠᠯᠠᠨ᠎ᠠ᠃ ᠠᠵᠢᠯᠳᠠᠨ ᠤ  ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠵᠦᠪᠯᠡᠯ ᠢ ᠭᠡᠷᠡᠭᠴᠡᠭᠡ ᠪᠠᠨ ᠦᠨᠳᠦᠰᠦᠯᠡᠵᠦ ᠪᠠᠶᠢᠭᠤᠯᠤᠨ᠎ᠠ ᠃ ᠠᠵᠢᠯᠳᠠᠨ ᠤ  ᠶᠠᠪᠤᠳᠠᠯ ᠤᠨ ᠮᠠᠷᠭᠤᠭᠠᠨ ᠢ ᠬᠦᠨᠳᠡᠯᠡᠨ  ᠠᠴᠠ ᠲᠠᠰᠤᠯᠬᠤ ᠵᠦᠪᠯᠡᠯ ᠨᠢ  ᠠᠯᠪᠠᠳᠠᠨ ᠢ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠤᠷᠢᠨ ᠭᠡᠷᠡᠭᠯᠡᠬᠦ ᠪᠠᠶᠢᠭᠤᠯᠭ᠎ᠠ ᠶᠢᠨ ᠲᠦᠯᠦᠭᠡᠯᠡᠭᠴᠢ ᠂ ᠤᠷᠢᠨ  ᠲᠤᠮᠢᠯᠠᠬᠤ ᠲᠦᠷᠢᠮᠳᠤ ᠠᠯᠪᠠᠳᠠᠨ ᠤ ᠲᠦᠯᠦᠭᠡᠯᠡᠭᠴᠢ ᠵᠢᠴᠢ ᠬᠠᠥᠯᠢ ᠴᠠᠭᠠᠵᠠ ᠶᠢᠨ  ᠮᠡᠷᠭᠡᠵᠢᠯᠳᠡᠨ ᠢᠶᠠᠷ  ᠪᠦᠷᠢᠯᠳᠦᠨ᠎ᠡ᠃ ᠤᠷᠢᠨ ᠲᠤᠮᠢᠠᠯᠬᠤ ᠲᠦᠷᠢᠮᠳᠤ ᠠᠯᠪᠠᠳᠠᠨ ᠬᠢᠭᠡᠥᠨ ᠲᠡᠬᠦᠨ ᠤ ᠠᠵᠢᠯᠯᠠᠵᠤ ᠪᠠᠶᠢᠭ᠎ᠠ ᠪᠠᠶᠢᠭᠤᠯᠭ᠎ᠠ  ᠶᠢᠨ ᠬᠤᠭᠤᠷᠤᠨᠳᠤ ᠪᠠᠨ ᠤᠷᠢᠨ ᠲᠤᠮᠢᠯᠠᠬᠤ ᠭᠡᠷ᠎ᠡ ᠶᠢᠨ ᠭᠡᠷᠡᠭᠵᠢᠬᠦᠯᠬᠦ ᠲᠠᠯ᠎ᠠ ᠪᠠᠷ ᠮᠠᠷᠭᠤᠭᠠᠨ ᠡᠭᠦᠰᠦᠭᠰᠡᠨ ᠪᠤᠯ  ᠮᠠᠷᠭᠤᠭᠠᠨ ᠡᠭᠦᠰᠦᠭᠰᠡᠨ ᠡᠳᠦᠷ ᠠᠴᠠ ᠡᠭᠢᠯᠡᠵᠦ ᠵᠢᠷᠠᠨ ᠡᠳᠦᠷ ᠤᠨ ᠲᠤᠳᠤᠷ᠎ᠠ ᠠᠵᠢᠯᠳᠠᠨ ᠤ ᠶᠠᠪᠤᠳᠠᠯ ᠤᠨ  ᠮᠠᠷᠭᠤᠭᠠᠨ ᠢ ᠬᠦᠨᠳᠡᠯᠡᠨ  ᠠᠴᠠ ᠲᠠᠰᠤᠯᠬᠤ ᠵᠦᠪᠯᠡᠯ ᠳᠤ ᠬᠦᠨᠳᠡᠯᠡᠨ ᠠᠴᠠ ᠲᠠᠰᠤᠯᠬᠤ ᠭᠤᠶᠤᠴᠢᠯᠠᠯ ᠭᠠᠷᠭᠠᠵᠤ  ᠪᠤᠯᠤᠨ᠎ᠠ᠃ ᠲᠤᠬᠠᠢ ᠶᠢᠨ ᠬᠦᠮᠦᠨ ᠬᠦᠨᠳᠡᠯᠡᠨ ᠠᠴᠠ ᠲᠠᠰᠤᠯᠬᠤ ᠲᠠᠰᠤᠯᠤᠯᠳᠠ ᠶᠢ ᠵᠦᠪᠰᠢᠶᠡᠷᠡᠬᠦ ᠦᠭᠡᠢ ᠪᠤᠯ  ᠬᠦᠨᠳᠡᠯᠡᠨ ᠠᠴᠠ ᠲᠠᠰᠤᠯᠬᠤ ᠲᠠᠰᠤᠯᠠᠯᠳᠠ  ᠶᠢᠨ ᠪᠢᠴᠢᠭ ᠢ ᠬᠦᠯᠢᠶᠡᠵᠤ ᠠᠪᠤᠭᠰᠠᠨ ᠡᠳᠦᠷ  ᠠᠴᠠ ᠡᠭᠢᠯᠡᠨ ᠠᠷᠪᠠᠨ  ᠲᠠᠪᠤᠨ ᠡᠳᠦᠷ ᠤᠨ ᠲᠤᠳᠤᠷ᠎ᠠ ᠠᠷᠠᠥᠨ ᠤᠨ ᠰᠢᠬᠦᠬᠦ ᠬᠤᠷᠢᠶᠠᠨ ᠳᠤ ᠵᠠᠷᠭᠤ ᠬᠢᠵᠦ ᠪᠤᠯᠤᠨ᠎ᠠ᠃ ᠬᠦᠨᠳᠡᠯᠡᠨ ᠠᠴᠠ  ᠲᠠᠰᠤᠯᠬᠤ ᠲᠠᠰᠤᠯᠤᠯᠳᠠ ᠬᠦᠴᠦᠨ ᠲᠠᠢ ᠪᠤᠯᠤᠭᠰᠠᠨ ᠤ ᠬᠤᠶᠢᠨ᠎ᠠ᠂ ᠨᠢᠭᠡ ᠲᠠᠯ᠎ᠠ ᠶᠢᠨ ᠲᠤᠬᠠᠢ ᠶᠢᠨ  ᠬᠦᠮᠦᠨ  ᠭᠡᠷᠡᠭᠵᠢᠬᠦᠯᠬᠦ ᠦᠭᠡᠢ ᠪᠠᠶᠢᠪᠠᠯ ᠨᠦᠬᠦᠭᠡ ᠨᠢᠭᠡ ᠲᠠᠯ᠎ᠠ ᠶᠢᠨ ᠲᠤᠬᠠᠢ  ᠶᠢᠨ ᠬᠦᠮᠦᠨ ᠠᠴᠠ ᠠᠷᠠᠥᠨ ᠤᠨ ᠰᠢᠬᠦᠬᠦ  ᠬᠤᠷᠢᠶᠠᠨ ᠳᠤ ᠭᠡᠷᠡᠭᠵᠢᠬᠦᠯᠬᠦ ᠶᠢ ᠭᠤᠶᠤᠴᠢᠯᠠᠵᠤ ᠪᠤᠯᠤᠨ᠎ᠠ᠃          
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ