ᠪᠠᠶᠠᠨᠬᠤᠸᠠ ᠪᠠᠯᠭᠠᠰᠤ ᠣᠷᠴᠢᠨ ᠲᠣᠭᠤᠷᠢᠨ ᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/9/16
      ᠣᠶᠢᠷ᠎ᠠ ᠶᠢᠨ ᠡᠳᠦᠷ᠂ ᠪᠠᠶᠠᠨᠬᠤᠸᠠ ᠪᠠᠯᠭᠠᠰᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠭᠦᠯᠪᠡ᠃      ᠲᠣᠰ ᠪᠠᠯᠭᠠᠰᠣ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠣᠯᠠᠮ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ  ᠺᠠᠲᠠᠷ ᠠᠵᠢᠯᠲᠠᠳ ᠢᠶᠠᠨ ᠵᠣᠬᠢᠶᠠᠨ  ᠪᠠᠶᠢᠭᠤᠯᠵᠤ᠂  ᠪᠠᠯᠭᠠᠰᠣᠨ ᠤ ᠬᠠᠷᠢᠶᠠᠨ ᠳᠠᠬᠢ  ᠤᠯᠤᠰ ᠤᠨ ᠵᠠᠮ᠂ ᠳᠡᠭᠡᠳᠦ ᠬᠤᠷᠳᠤᠴᠠᠲᠤ ᠵᠠᠰᠠᠮᠠᠯ ᠵᠠᠮ ᠳᠠᠭᠠᠤ᠂ ᠵᠡᠭᠡᠯᠢ ᠭᠤᠳᠤᠮᠵᠢ ᠶᠢᠨ ᠬᠤᠶᠠᠷ ᠲᠠᠯ᠎ᠠ᠂ ᠭᠠᠴᠠᠭ᠎ᠠ ᠲᠣᠰᠬᠤᠨ ᠤ ᠵᠠᠮ  ᠪᠠ ᠬᠤᠪᠬᠠᠢ ᠮᠣᠳᠣ ᠶᠢ ᠴᠡᠭᠴᠡᠯᠡᠨ ᠵᠠᠰᠠᠪᠠ᠃ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠳᠤ ᠨᠡᠶᠢᠲᠡ 3 ᠲᠣᠨ ᠬᠤᠭ ᠨᠣᠪᠰᠢ ᠴᠡᠪᠡᠷᠯᠡᠵᠦ᠂ 20 ᠭᠠᠷᠤᠶ ᠬᠤᠪᠠᠭ᠋ᠠᠶ ᠮᠣᠳᠣ ᠶᠢ ᠣᠭᠲᠣᠯᠵᠤ᠂ ᠡᠯ᠎ᠡ ᠲᠥᠷᠥᠯ ᠤᠨ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ 5 ᠶᠢ ᠰᠣᠯᠢᠵᠤ᠂ ᠲᠤᠰᠬᠠᠶ ᠴᠡᠭᠴᠡᠯᠡᠨ ᠵᠠᠰᠠᠯᠲᠠ ᠪᠠᠷ ᠳᠡᠮᠵᠢᠨ ᠪᠥᠬᠦ ᠪᠠᠯᠭᠠᠰᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃

白彦花镇环境整治1.png

     ᠲᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠣ  ᠣᠷᠴᠢᠨ ᠲᠣᠭᠤᠷᠢᠨ ᠢ ᠬᠠᠮᠲᠤ ᠪᠠᠷ ᠰᠠᠬᠢᠨ ᠬᠠᠮᠠᠭᠠᠯᠠᠵᠤ᠂ ᠪᠥᠬᠦ ᠠᠷᠠᠳ ᠢᠶᠠᠷ ᠢᠶᠠᠨ

ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ  ᠪᠣᠯᠭᠠᠵᠤ᠂ ᠨᠠᠩ ᠥᠨᠳᠥᠷ ᠱᠠᠭᠠᠷᠳᠠᠯᠭ᠎ᠠ᠂

ᠨᠠᠩ ᠨᠠᠷᠢᠨ ᠠᠷᠭ᠎ᠠ ᠬᠡᠮᠵᠢᠶ᠎ᠡ ᠪᠠᠷ ᠪᠥᠬᠦ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠣᠷᠳᠣ ᠬᠤᠭᠤᠴᠠᠭ᠎ᠠ ᠪᠠᠷ

ᠭᠦᠨᠵᠡᠭᠡᠶ ᠥᠷᠨᠢᠭᠦᠯᠬᠦ ᠶᠢ  ᠪᠠᠲᠣᠯᠠᠨ᠂ ᠲᠣᠭᠲᠠᠭᠰᠠᠨ ᠴᠠᠭ ᠥᠬᠡᠶ ᠪᠠᠶᠢᠴᠠᠭᠠᠨ ᠦᠵᠡᠬᠦ ᠪᠠ ᠲᠣᠰᠬᠤᠨ ᠤ ᠠᠷᠠᠳ ᠬᠢᠨᠠᠯᠲᠠ ᠲᠠᠯᠪᠢᠬᠤ ᠵᠡᠷᠭᠡ ᠠᠷᠭ᠎ᠠ  ᠪᠠᠷ

ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ 

ᠢᠯᠡᠷᠡᠭᠦᠯᠪᠡᠯ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠣᠯᠠᠨ᠂ ᠪᠣᠳᠠᠲᠤ ᠦᠷ᠎ᠡ ᠪᠦᠲᠦᠮᠵᠢ ᠶᠢ

ᠪᠠᠳᠠᠷᠠᠭᠤᠯᠵᠤ᠂ ︽ᠦᠵᠡᠰᠬᠦᠯᠡᠩᠲᠦ ᠰᠠᠶᠢᠬᠠᠨ  ᠪᠠᠶᠠᠨᠬᠤᠸᠠ ᠪᠠᠯᠭᠠᠰᠣ ︾  ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ  ᠨᠡᠮᠡᠷᠢᠯᠡᠬᠦ ᠪᠠᠷ ᠪᠣᠢ᠃

环境整治2.png

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ