ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/16
     9 ᠳ᠋ᠦ᠋ᠭᠡᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠠᠪᠡ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠢᠯᠡᠷᠡᠭᠦᠯᠵᠡᠢ︶᠂ ᠤᠯᠠᠭᠠᠨᠬᠠᠳᠠ ᠬᠤᠲᠠ ᠳᠤ 2 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ 1 ᠡᠪᠡᠳᠴᠢᠨ ᠤ ᠵᠢᠱᠢᠶ᠎ᠡ ᠶᠢ ᠪᠠᠭᠲᠠᠭᠠᠨ᠎ᠠ᠂ ᠡᠭᠦᠨ ᠳᠤ ᠬᠤᠩᠱᠠᠨ ᠲᠣᠭᠤᠷᠢᠭ ᠲᠤ 1᠂ ᠪᠢᠲᠡᠭᠦᠮᠵᠢᠯᠡᠯ ᠤᠨ ᠪᠤᠰᠤ ᠬᠠᠮᠢᠶᠠᠷᠤᠯᠲᠠ ᠶᠠᠪᠤᠭᠤᠯᠵᠤ ᠪᠠᠶᠢᠭ᠎ᠠ ᠬᠥᠮᠥᠰ ᠤᠨ ᠰᠢᠭᠰᠢᠨ ᠪᠠᠶᠢᠴᠠᠭᠠᠯᠲᠠ ᠳᠤᠮᠳᠠ ᠢᠯᠡᠷᠡᠭᠦᠯᠵᠡᠢ︔ ᠣᠩᠨᠢᠭᠤᠳ ᠬᠤᠰᠢᠭᠤᠨ ᠳᠤ 1᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶᠂ ᠠᠯᠠᠱᠠ ᠠᠶᠢᠮᠠᠭ ᠲᠤ 4 ︵ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠵᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠨᠡᠮᠡᠭᠳᠡᠵᠦ ᠂ ᠡᠭᠦᠨ ᠳᠤ ᠤᠯᠠᠭᠠᠨᠬᠠᠳᠠ ᠬᠤᠲᠠ ᠳᠤ 1 ︵ᠰᠦᠩᠱᠠᠨ ᠲᠣᠭᠤᠷᠢᠭ ᠲᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶᠂ ᠠᠯᠠᠱᠠ ᠠᠶᠢᠮᠠᠭ ᠲᠤ 9 ︵1 ᠵᠢᠱᠢᠶ᠎ᠡ ᠨᠢ ᠡᠵᠡᠨ᠎ᠡ ᠬᠤᠰᠢᠭᠤᠨ ᠳᠤ ᠪᠠᠶᠢᠵᠤ᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠢᠯᠡᠷᠡᠭᠦᠯᠪᠡ︔ 8 ᠵᠢᠱᠢᠶ᠎ᠡ ᠨᠢ ᠴᠡᠭᠡ ᠪᠣᠭᠤᠮᠲᠠ ᠳᠤ ᠪᠠᠶᠢᠵᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶ ᠪᠣᠢ᠃ ᠲᠤᠬᠠᠢ ᠶᠢᠨ ᠭᠠᠵᠠᠷ ᠤᠨ ᠲᠣᠳᠣᠯᠠᠭᠰᠠᠨ 10 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 2 ︵ᠴᠥᠮ ᠰᠢᠯᠢᠩᠬᠤᠲᠠ ᠳᠤ︶᠂ ᠤᠯᠠᠭᠠᠨᠬᠠᠳᠠ ᠬᠤᠲᠠ ᠳᠤ 8 ︵ᠴᠥᠮ ᠣᠩᠨᠢᠭᠤᠳ ᠬᠤᠰᠢᠭᠤᠨ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 8 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠰᠢᠯᠢᠩᠬᠤᠲᠠ ᠳᠤ 3᠂ ᠡᠷᠢᠶᠡᠨ ᠬᠤᠲᠠ ᠳᠤ 1︶᠂ ᠤᠯᠠᠭᠠᠨᠬᠠᠳᠠ ᠬᠤᠲᠠ ᠳᠤ 3 ︵ᠴᠥᠮ ᠣᠩᠨᠢᠭᠤᠳ ᠬᠤᠰᠢᠭᠤᠨ ᠳᠤ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 ᠡᠪᠡᠳᠴᠢᠨ ᠤ ᠵᠢᠱᠢᠶ᠎ᠡ ᠨᠢ ᠡᠳᠡᠭᠡᠷᠡᠵᠦ ᠡᠮᠨᠡᠯᠭᠡ ᠠᠴᠠ ᠭᠠᠷᠪᠠ᠂ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃      9 ᠳ᠋ᠦ᠋ᠭᠡᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 309 ᠪᠠᠶᠢᠵᠤ᠂ ᠡᠭᠦᠨ ᠳᠤ ᠬᠥᠬᠡᠬᠤᠲᠠ ᠳᠤ 3 ︵ᠴᠥᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠵᠢᠴᠢ ᠲᠡᠳᠡᠭᠡᠷ ᠤᠨ ᠨᠢᠭᠲᠠ ᠣᠶᠢᠷᠠᠲᠤᠭᠴᠢ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 269 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 151᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 30 ︵ᠰᠢᠯᠢᠩᠬᠤᠲᠠ ᠳᠤ 23᠂ ᠡᠷᠢᠶᠡᠨ ᠬᠤᠲᠠ ᠳᠤ 7︶᠂ ᠠᠯᠠᠱᠠ ᠠᠶᠢᠮᠠᠭ ᠲᠤ 4 ︵ᠴᠥᠮ ᠴᠡᠭᠡ ᠪᠣᠭᠤᠮᠲᠠ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 386 ᠪᠠᠶᠢᠵᠤ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠲᠠᠢ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 305 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 97᠂ ᠣᠩᠨᠢᠭᠤᠳ ᠬᠤᠰᠢᠭᠤᠨ ᠳᠤ 199︶᠂ ᠰᠢᠯᠢ ᠶᠢᠨ ᠭᠤᠣᠯ ᠠᠶᠢᠮᠠᠭ ᠲᠤ 43 ︵ᠰᠢᠯᠢᠩᠬᠤᠲᠠ ᠳᠤ 30᠂ ᠡᠷᠢᠶᠡᠨ ᠬᠤᠲᠠ ᠳᠤ 13︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 32 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 31︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠠᠵᠦ ᠪᠠᠶᠢᠨ᠎ᠠ᠃   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ