ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ · ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ UGS ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠤᠷᠠᠳ ᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/9/16
      9 ᠰᠠᠷ᠎ᠠ ᠶᠢᠨ 13 ᠤ ᠡᠳᠦᠷ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ·ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ UGS ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠤᠷᠠᠳ ᠤᠨ ᠡᠮᠦᠨᠡᠲᠦ ᠬᠤᠰᠢᠭᠤᠨ ᠳᠤ ᠶᠠᠪᠤᠭᠳᠠᠪᠠ᠃      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ᠂  ᠬᠤᠰᠢᠭᠤᠨ ᠤ ᠤᠳᠤᠷᠢᠳᠤᠯᠭ᠎ᠠ ᠯᠢᠦ ᠶᠤᠸᠠᠢ ᠮᠢᠩ᠂  ᠰᠤ᠋ ᠴᠠᠩ᠂ ᠵᠢᠶᠠᠩ ᠰᠢᠤᠸᠠᠢ᠂ ᠬᠡᠷᠡᠯ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ  ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ 

ugs校地合作1.jpg

      ᠵᠢᠶᠠᠩ ᠰᠢᠤᠸᠠᠢ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠭᠰᠡᠨ ᠪᠥᠭᠡᠳ UGS ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠠᠬᠤᠶ

ᠪᠠᠶᠢᠳᠠᠯ ᠪᠠ ᠠᠭᠤᠯᠭ᠎ᠠ ᠶᠢ ᠲᠠᠨᠢᠯᠴᠠᠭᠤᠯᠪᠠ᠃

      ᠸᠠᠩ ᠵᠢᠶᠦ᠋ᠨ ᠵᠢᠶᠧ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠂

ᠲᠡᠷᠡ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠬᠠᠭᠤᠴᠢᠨ ᠲᠡᠮᠳᠡᠭᠲᠦ ᠪᠠᠭᠰᠢ ᠶᠢᠨ ᠰᠤᠷᠭᠠᠭᠤᠯᠢ ᠪᠣᠯᠤᠭᠰᠠᠨ ᠤ

ᠬᠤᠪᠢ ᠳᠤ᠂ ᠨᠢᠭᠡ ᠰᠡᠳᠬᠢᠯ ᠢᠶᠠᠷ ᠰᠤᠷᠭᠠᠨ ᠬᠥᠮᠦᠵᠢᠯ ᠤᠨ ᠦᠢᠯᠡᠰ ᠢ ᠡᠷᠬᠢᠯᠡᠵᠦ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠯᠤᠲᠤ ᠶᠡᠭᠡ

ᠬᠤᠪᠢ ᠨᠡᠮᠡᠷᠢ ᠦᠵᠡᠭᠦᠯᠪᠡ᠂ ᠲᠤᠰ ᠤᠳᠠᠭ᠎ᠠ ᠶᠢᠨ ᠤᠷᠠᠳ ᠤᠨ ᠡᠮᠦᠨᠡᠲᠦ ᠬᠤᠰᠢᠭᠤ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ

ᠲᠤᠬᠢᠷᠠᠯᠴᠠᠭᠰᠠᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠤᠨ ᠠᠭᠤᠯᠭ᠎ᠠ ᠨᠢ ᠣᠳᠣᠬᠠᠨ ᠤ ᠬᠡᠷᠡᠭᠴᠡᠭᠡ ᠪᠠ  ᠱᠠᠭᠠᠷᠳᠠᠯᠭ᠎ᠠ ᠳᠤ ᠨᠡᠶᠢᠴᠡᠨ᠎ᠡ᠃ 

ᠪᠣᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠤᠨ ᠴᠢᠬᠤᠯᠠᠴᠢᠯᠠᠭ᠎ᠠ ᠪᠠ ᠳᠡᠮᠵᠢᠯᠭᠡ ᠳᠤᠤᠷ᠎ᠠ᠂ ᠤᠷᠠᠳ ᠤᠨ ᠡᠮᠦᠨᠡᠲᠦ ᠬᠤᠰᠢᠭᠤ ᠴᠤ ᠭᠠᠵᠠᠷ ᠣᠷᠣᠨ ᠤ

ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ  ᠪᠠᠳᠠᠷᠠᠭᠤᠯᠵᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠷ ᠳᠠᠮᠵᠢᠨ ᠬᠠᠷᠢᠯᠴᠠᠨ

ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤ ᠪᠠᠷ ᠠᠬᠢᠭᠤᠯᠬᠤ᠂ ᠬᠦᠴᠦ ᠪᠠᠨ ᠬᠠᠮᠲᠤᠳᠬᠠᠨ ᠬᠥᠭᠵᠢᠬᠦ᠂ ᠰᠤᠷᠭᠠᠭᠤᠯᠢ ᠣᠷᠣᠨ ᠨᠤᠲᠤᠭ ᠤᠨ

ᠭᠦᠨᠵᠡᠭᠡᠶ ᠬᠠᠮᠲᠤᠷᠠᠯᠴᠠᠭ᠎ᠠ ᠪᠠᠷ ᠰᠤᠷᠭᠠᠨ ᠬᠥᠮᠦᠵᠢᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢᠨ ᠣᠨᠴᠠᠯᠢᠭ ᠲᠠᠢ ᠵᠠᠮ ᠢ ᠬᠠᠮᠲᠤ ᠪᠠᠷ ᠬᠠᠶᠢᠨ ᠰᠦᠪᠡᠭᠴᠢᠯᠡᠨ᠎ᠡ᠃ 

ugs校地合作2.jpg

      ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠣᠶᠢᠷ᠎ᠠ ᠶᠢᠨ ᠬᠡᠳᠦᠨ ᠵᠢᠯ ᠤᠨ ᠪᠤᠭᠤᠲᠤ ᠶᠢᠨ ᠪᠠᠭᠰᠢ ᠶᠢᠨ ᠳᠡᠭᠡᠳᠦ

ᠰᠤᠷᠭᠠᠭᠤᠯᠢ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠲᠣᠰ ᠤᠳᠠᠭ᠎ᠠ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ

UGS ᠬᠠᠮᠵᠢᠯᠴᠠᠨ ᠬᠥᠮᠦᠵᠢᠭᠦᠯᠬᠦ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ

ᠨᠤᠲᠤᠭ ᠤᠨ ᠬᠠᠮᠲᠤᠷᠠᠯ ᠬᠦᠴᠦᠨ ᠢ ᠨᠢᠭᠲᠠᠷᠠᠭᠤᠯᠬᠤ᠂ ᠰᠤᠷᠭᠠᠨ ᠬᠥᠮᠦᠵᠢᠯ ᠤᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ᠂ ᠬᠠᠮᠵᠢᠯᠴᠠᠨ ᠬᠥᠮᠦᠵᠢᠭᠦᠯᠬᠦ ᠰᠢᠨ᠎ᠡ

ᠬᠠᠭᠤᠳᠠᠰᠤ ᠶᠢ ᠨᠡᠭᠡᠭᠡᠪᠡ ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠ ᠬᠠᠮᠵᠢᠯᠴᠠᠭ᠎ᠠ ᠳᠤᠤᠷ᠎ᠠ ︽ᠰᠤᠷᠭᠠᠭᠤᠯᠢ ᠪᠠ ᠣᠷᠣᠨ

ᠨᠤᠲᠤᠭ ᠤᠨ ᠬᠠᠮᠲᠤᠷᠠᠯᠴᠠᠭ᠎ᠠ︾ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠣᠷᠣᠨ ᠨᠤᠲᠤᠭ ᠲᠤ  ᠦᠢᠯᠡᠴᠢᠯᠡᠬᠦ  ᠦᠢᠯᠡᠳᠦᠯ ᠢ ᠯᠠᠪᠲᠠᠶ ᠨᠠᠩ ᠰᠠᠶᠢᠲᠤᠷ

ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠷᠣᠨ ᠨᠤᠲᠤᠭ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ

ᠢᠲᠡᠭᠡᠵᠦ ᠪᠠᠶᠢᠨ᠎ᠠ ᠭᠡᠵᠦ ᠢᠯᠡᠳᠬᠡᠪᠡ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ

ᠬᠠᠮᠲᠤᠷᠠᠯᠴᠠᠭ᠎ᠠ ᠥᠷᠨᠢᠭᠦᠯᠬᠦ ᠰᠡᠳᠬᠢᠴᠡ ᠪᠣᠯᠤᠨ ᠬᠦᠰᠡᠯ ᠱᠠᠭᠠᠷᠳᠠᠯᠭ᠎ᠠ ᠪᠠᠨ ᠰᠣᠯᠢᠯᠴᠠᠵᠤ ᠶᠠᠷᠢᠶ᠎ᠠ ᠲᠠᠯᠪᠢᠪᠠ᠃

ugs校地合作3.jpg

      ᠶᠣᠰᠣᠯᠠᠯ ᠳᠡᠭᠡᠷ᠎ᠡ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠸᠠᠩ ᠵᠢᠶᠦ᠋ᠨ ᠵᠢᠶᠧ ᠲᠠᠢ ︽UGS ᠬᠠᠮᠵᠢᠯᠴᠠᠨ

ᠬᠥᠮᠦᠵᠢᠭᠦᠯᠬᠦ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠭᠰᠠᠨ ᠪᠥᠭᠡᠳ ᠬᠠᠮᠲᠤ ᠪᠠᠷ UGS ᠬᠠᠮᠵᠢᠯᠴᠠᠨ ᠬᠥᠮᠦᠵᠢᠭᠦᠯᠬᠦ

ᠰᠠᠭᠤᠷᠢᠨ ᠭᠠᠵᠠᠷ ᠤᠨ ᠫᠠᠶᠢᠰᠠ ᠶᠢ ᠰᠡᠬᠦᠪᠡ᠃ ᠡᠨᠡ ᠤᠳᠠᠭᠠᠨ ᠤ ᠬᠠᠮᠲᠤᠷᠠᠨ ᠠᠵᠢᠯᠯᠠᠬᠤ ᠬᠡᠯᠡᠯᠴᠡᠭᠡᠷ ᠢ ᠲᠣᠭᠲᠠᠭᠠᠬᠤ ᠨᠢ ᠬᠤᠶᠠᠷ ᠲᠠᠯ᠎ᠠ ᠪᠠᠷ ᠢᠶᠠᠨ ᠭᠦᠨᠵᠡᠭᠡᠢ

ᠬᠠᠮᠲᠤᠷᠠᠯᠴᠠᠭᠠᠨ ᠤ ︽ᠲᠦᠷᠭᠡᠨ ᠤ ᠵᠠᠮ︾ ᠳᠤ ᠤᠷᠤᠭᠰᠠᠠ ᠢ ᠬᠠᠷᠠᠭᠤᠯᠵᠤ ᠪᠠᠶᠢᠨ᠎ᠠ᠃ UGS ᠬᠠᠮᠵᠢᠯᠴᠠᠨ ᠬᠥᠮᠦᠵᠢᠭᠦᠯᠬᠦ ᠰᠢᠰᠲ᠋ᠧᠮ ᠢ ᠪᠠᠶᠢᠭᠤᠯᠤᠨ᠂ ︽

ᠭᠤᠷᠪᠠᠨ ᠪᠥᠬᠦ ᠲᠠᠯ᠎ᠠ ᠪᠠᠷ ᠬᠥᠮᠦᠵᠢᠭᠦᠯᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠬᠠᠷᠠᠯᠲᠠ ᠪᠣᠯᠭᠠᠵᠤ᠂ ︽ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ

ᠨᠦᠬᠦᠪᠦᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭᠲᠠᠶ ᠪᠠᠶᠢᠬᠤ ᠪᠠᠷ ᠵᠠᠷᠴᠢᠮ ᠪᠣᠯᠭᠠᠬᠤ᠂ ᠬᠤᠶᠠᠷ ᠲᠠᠯ᠎ᠠ ᠶᠢᠨ ᠰᠢᠯᠢᠳᠡᠭ ᠡᠬᠢ

ᠪᠠᠶᠠᠯᠢᠭ ᠢᠶᠠᠷ ᠲᠦᠰᠢᠭ ᠪᠣᠯᠭᠠᠬᠤ᠂ ᠡᠷᠬᠡ ᠲᠡᠭᠰᠢ ᠨᠥᠬᠦᠷᠰᠡᠭ ᠢᠶᠠᠷ ᠵᠥᠪᠳᠡᠯᠴᠡᠬᠦ ᠪᠠᠷ ᠳᠠᠮᠵᠢᠨ᠂ ᠶᠡᠭᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ

ᠴᠡᠴᠡᠷᠯᠢᠭ ᠤᠨ ᠬᠡᠦᠬᠡᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ

ᠲᠤᠬᠠᠶ᠂ ᠰᠠᠭᠤᠷᠢ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ ᠵᠦᠢᠯ᠂ ᠬᠥᠳᠡᠯᠮᠦᠷᠢ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ ᠵᠦᠢᠯ᠂

ᠤᠯᠠᠭᠠᠨᠰᠤᠬᠠᠢ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠷᠥᠯ  ᠵᠦᠢᠯ ᠵᠢᠴᠢ

ᠤᠶᠤᠲᠠᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠰᠠᠭᠤᠷᠢᠨ ᠭᠠᠵᠠᠷ ᠤᠨ ᠬᠠᠮᠲᠤᠷᠠᠯᠴᠠᠭᠠᠨ ᠤ ᠲᠥᠷᠥᠯ ᠵᠦᠢᠯ ᠵᠡᠷᠭᠡ ᠲᠠᠪᠤᠨ ᠬᠡᠰᠡᠭ ᠲᠤ ᠭᠤᠷᠪᠠᠨ

ᠵᠢᠯ ᠤᠨ ᠬᠤᠭᠤᠴᠠᠭ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ