ᠤᠷᠠᠳ ᠤᠨ ᠡᠮᠦᠨᠡᠲᠦ ᠬᠤᠰᠢᠭᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠠᠵᠤ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠤᠲᠠᠯᠠᠬᠤ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2022/9/16
     9 ᠰᠠᠷ᠎ᠠ ᠶᠢᠨ 13 ᠤ ᠡᠳᠦᠷ᠂ ᠤᠷᠠᠳ ᠤᠨ ᠡᠮᠦᠨᠡᠲᠦ ᠬᠤᠰᠢᠭᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠤᠲᠠᠯᠠᠬᠤ ᠬᠤᠷᠠᠯ ᠬᠤᠷᠠᠯᠳᠣᠵᠣ᠂ ᠡᠯ᠎ᠡ ᠰᠠᠯᠠᠭ᠎ᠠ ᠮᠥᠴᠢᠷ ᠤᠨ ᠲᠥᠯᠥᠪᠵᠢᠭᠦᠯᠭᠡ ᠶᠢᠨ ᠲᠤᠬᠠᠶ ᠰᠠᠨᠠᠭᠤᠯᠭ᠎ᠠ ᠪᠠ ᠰᠠᠨᠠᠯ ᠢ ᠰᠣᠨᠣᠰᠪᠠ᠃

园区规划1.jpg

     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠠᠷᠠᠨᠴᠡᠴᠡᠭ ᠬᠤᠷᠠᠯ ᠡᠷᠭᠢᠯᠡᠵᠦ᠂

ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ

ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠭᠠᠬᠤ

ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

     ᠬᠤᠷᠠᠯ ᠠᠴᠠ ᠥᠪᠥᠷ ᠮᠣᠩᠭᠤᠯ ᠤᠨ ᠬᠤᠲᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠬᠤᠯᠪᠣᠭᠳᠠᠯ ᠪᠥᠬᠦᠶ ᠬᠥᠮᠦᠰ ᠢ

ᠤᠷᠢᠵᠤ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠠᠵᠤ ᠦᠢᠯᠡᠰ ᠤᠨ

ᠬᠥᠭᠵᠢᠯᠲᠡ ᠶᠢᠨ ᠲᠥᠯᠥᠪᠵᠢᠭᠦᠯᠭᠡ ᠳᠤ ᠨᠠᠷᠢᠨ ᠲᠣᠳᠣᠷᠬᠠᠶᠢᠯᠠᠯᠲᠠ ᠬᠢᠵᠦ᠂ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠪᠥᠬᠦ

ᠬᠤᠰᠢᠭᠤ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠬᠥᠭᠵᠢᠯᠲᠡ ᠶᠢᠨ ᠬᠠᠷᠠᠭᠠᠰᠤ ᠠᠴᠠ ᠵᠠᠳᠠᠯᠣᠨ ᠨᠤᠲᠠᠯᠠᠯᠲᠠ ᠬᠢᠭᠰᠡᠨ ᠪᠥᠭᠡᠳ ᠡᠯ᠎ᠡ ᠰᠠᠯᠠᠭ᠎ᠠ

ᠮᠥᠴᠢᠷ ᠤᠨ ᠲᠣᠰ ᠪᠡᠶ᠎ᠡ ᠶᠢᠨ ᠲᠠᠯ᠎ᠠ ᠠᠴᠠ ᠰᠠᠨᠠᠯ ᠰᠠᠨᠠᠭᠤᠯᠭ᠎ᠠ ᠳᠤᠷᠠᠳᠴᠤ᠂ ᠬᠦᠷᠢᠶᠡᠯᠡᠩ ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠭᠦᠨᠵᠡᠭᠡᠶ ᠰᠤᠳᠤᠯᠤᠨ

ᠶᠠᠷᠢᠯᠴᠠᠵᠤ ᠨᠠᠷᠢᠨ ᠨᠤᠲᠠᠯᠠᠯᠲᠠ ᠬᠢᠵᠡᠶ᠃

园区规划2.jpg

     ᠬᠤᠷᠠᠯ ᠠᠴᠠ ᠤᠷᠠᠳ ᠤᠨ ᠡᠮᠦᠨᠡᠲᠦ ᠬᠤᠰᠢᠭᠤᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠡᠷᠦᠩᠬᠡᠶ ᠪᠠᠶᠢᠯᠳᠤᠬᠤ ᠪᠣᠳᠣᠯᠭ᠎ᠠ ᠶᠢᠨ ᠪᠠᠶᠢᠷᠢ

ᠲᠣᠭᠲᠠᠭᠠᠯᠲᠠ ᠶᠢ ᠲᠣᠳᠣᠷᠬᠠᠶᠢᠯᠠᠭᠰᠠᠨ ᠪᠥᠭᠡᠳ ᠭᠤᠤᠯᠳᠠᠯᠭ᠎ᠠ ᠲᠠᠢ ᠪᠠᠶᠢᠷᠢᠰᠢᠭᠤᠯᠪᠠ᠃

     ᠰᠠᠷᠠᠨᠴᠡᠴᠡᠭ ᠬᠤᠷᠠᠯ ᠳᠤ ᠬᠡᠯᠡᠭᠰᠡᠨ ᠨᠢ᠂ ᠲᠥᠯᠥᠪᠵᠢᠭᠦᠯᠭᠡ ᠶᠢᠨ ᠪᠣᠳᠠᠲᠠᠢ ᠲᠣᠪᠬᠢᠮᠠᠯ ᠤᠨ ᠲᠤᠬᠠᠢ᠂ ᠣᠳᠣᠬᠠᠨ ᠤ ᠰᠢᠨ᠎ᠡ ᠱᠠᠭᠠᠷᠳᠠᠯᠭ᠎ᠠ᠂ ᠰᠢᠨ᠎ᠡ

ᠳᠤᠷᠠᠳᠤᠯᠭ᠎ᠠ ᠲᠠᠢ ᠤᠶᠠᠯᠳᠤᠭᠤᠯᠵᠤ᠂ ᠰᠢᠨ᠎ᠡ ᠬᠥᠳᠡᠯᠭᠡᠬᠦ ᠡᠨᠧᠷᠭᠢ᠂ ᠠᠵᠤ ᠦᠢᠯᠡᠰ ᠤᠨ ᠰᠢᠨ᠎ᠡ ᠪᠦᠯᠦᠭᠵᠢᠯ ᠢ ᠨᠢᠭᠲᠠᠷᠠᠭᠤᠯᠬᠤ᠂ ᠰᠢᠨ᠎ᠡ ᠲᠦᠷᠦᠯ ᠲᠡᠮᠳᠡᠭ ᠢ

ᠪᠤᠶᠢᠵᠢᠭᠤᠯᠬᠤ ᠵᠢᠴᠢ ᠰᠢᠨ᠎ᠡ ᠵᠠᠬ᠎ᠠ ᠳᠡᠯᠭᠡᠭᠦᠷ ᠢ ᠡᠵᠡᠯᠡᠬᠦ ᠵᠡᠷᠭᠡ ᠲᠠᠯ᠎ᠠ ᠪᠠᠷ ᠪᠣᠳᠣᠯᠬᠢᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠢᠷᠡᠭᠡᠳᠦᠶ ᠶᠢᠨ

ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠪᠣᠳᠣᠯᠬᠢᠯᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠂

ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠠᠷᠭ᠎ᠠ ᠪᠣᠳᠣᠯᠭ᠎ᠠ ᠶᠢ ᠪᠠᠶᠠᠯᠢᠭᠵᠢᠭᠤᠯᠵᠤ᠂ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ︾ ᠪᠠ ᠠᠮᠢ

ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂  ᠠᠶᠤᠯᠬᠦᠢ ᠦᠢᠯᠡᠳᠪᠦᠷᠢᠯᠡᠯ ᠵᠡᠷᠭᠡ ᠪᠥᠬᠦ ᠰᠢᠰᠲ᠋ᠧᠮ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ

ᠰᠠᠶᠢᠲᠤᠷ ᠬᠢᠵᠦ᠂ ᠰᠡᠳᠬᠢᠬᠦ ᠬᠠᠷᠠᠭᠠᠰᠤ ᠪᠠᠨ ᠦᠷᠭᠦᠯᠵᠢᠯᠡᠨ ᠥᠷᠭᠡᠳᠬᠡᠵᠦ᠂ ᠤᠷᠠᠳ ᠤᠨ ᠡᠮᠦᠨᠡᠲᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠠᠵᠢᠯ ᠳᠤ ᠲᠦᠰᠢᠭᠯᠡᠨ᠂ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠪᠣᠯᠤᠮᠵᠢᠲᠤ ᠠᠷᠭ᠎ᠠ ᠵᠠᠮ ᠪᠠ

ᠪᠣᠳᠠᠲᠠᠶ ᠲᠥᠷᠥᠯ  ᠵᠦᠢᠯ ᠤᠨ ᠨᠠᠷᠢᠨ ᠬᠠᠭᠤᠳᠠᠰᠤ ᠶᠢ ᠳᠤᠷᠠᠳᠤᠨ ᠭᠠᠷᠭᠠᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠬᠠᠮᠢᠶ᠎ᠠ ᠪᠥᠬᠦᠶ

ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ ᠥᠪᠥᠷ ᠮᠣᠩᠭᠤᠯ ᠤᠨ ᠬᠤᠲᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ

ᠬᠦᠷᠢᠶᠡᠯᠡᠩ ᠤᠨ ᠬᠠᠮᠢᠶ᠎ᠠ ᠪᠥᠬᠦᠶ ᠠᠵᠢᠯᠲᠠᠨ  ᠲᠠᠢ ᠵᠣᠯᠭᠠᠭᠤᠯᠵᠤ᠂ ᠶᠡᠷᠦᠩᠬᠡᠶ ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ

ᠲᠥᠰᠦᠯ ᠤᠨ ᠠᠭᠤᠯᠭ᠎ᠠ ᠶᠢ ᠲᠦᠷᠭᠡᠬᠡᠨ ᠲᠡᠭᠦᠯᠳᠡᠷᠵᠢᠭᠦᠯᠦᠨ ᠵᠠᠰᠠᠪᠤᠷᠢ ᠣᠷᠣᠭᠤᠯᠵᠤ᠂ ᠬᠦᠷᠢᠶᠡᠯᠡᠩ ᠲᠣᠭᠤᠷᠢᠭ ᠤᠨ ᠲᠠᠷᠠᠭᠠᠴᠢ ᠶᠢᠨ ᠠᠯᠬᠤᠮ ᠤᠨ

ᠬᠥᠭᠵᠢᠯᠲᠡ ᠳᠤ ᠨᠠᠷᠢᠨ ᠣᠨᠣᠪᠴᠢᠲᠠᠶ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠠᠶᠢᠲᠤᠷ ᠬᠢᠬᠦ ᠬᠡᠷᠡᠭᠲᠡᠶ  ᠬᠡᠪᠡ᠃

园区规划3.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ