ᠠᠯᠪᠠᠲᠠᠨ ᠤ ᠬᠠᠥᠯᠢ ︵ᠠᠷᠪᠠ︶
ᠨᠡᠶᠢᠲᠡᠯᠡᠭᠰᠡᠨ ᠴᠠᠭ᠄
2022/9/16
            ᠠᠷᠪᠠᠨ ᠲᠤᠯᠤᠳᠤᠭᠠᠷ ᠪᠦᠯᠦᠭ     ᠬᠠᠥᠯᠢ ᠶᠢᠨ ᠬᠠᠷᠢᠭᠤᠴᠠᠯᠭ᠎ᠠ                       ᠵᠠᠭᠤ ᠪᠦᠭᠡᠥᠨ ᠨᠢᠭᠡᠳᠦᠭᠡᠷ ᠵᠦᠢᠯ     ᠲᠤᠰ ᠬᠠᠥᠯᠢ ᠶᠢᠨ ᠲᠤᠭᠳᠠᠭᠠᠯ ᠢ ᠵᠦᠷᠢᠴᠡᠭᠰᠡᠨ ᠲᠤᠤᠷᠠᠬᠢ  ᠪᠠᠶᠢᠳᠠᠯ ᠤᠳ ᠪᠠᠶᠢᠪᠠᠯ ᠰᠢᠶᠠᠨ ᠤ ᠱᠠᠳᠤᠨ ᠠᠴᠠ ᠲᠡᠭᠡᠭᠰᠢ ᠤᠳᠤᠷᠢᠥᠨᠬᠤ ᠪᠠᠶᠢᠭᠤᠯᠭ᠎ᠠ ᠪᠤᠶᠤ ᠠᠯᠪᠠᠳᠠᠨ ᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠣᠯᠳᠡ ᠶᠢᠨ ᠡᠷᠭᠡ ᠮᠡᠳᠡᠯ ᠤᠨ ᠬᠡᠪᠴᠢᠶ᠎ᠡ ᠶᠤᠰᠤᠭᠠᠷ ᠠᠳᠠᠯᠢ  ᠪᠤᠰᠤ ᠪᠠᠶᠢᠳᠠᠯ ᠢ ᠢᠯᠭᠠᠨ ᠰᠠᠯᠭᠠᠵᠤ᠂ ᠲᠤᠰ ᠲᠤᠰ ᠵᠠᠷᠯᠢᠭᠳᠠᠨ ᠵᠠᠯᠠᠷᠠᠭᠤᠯᠬᠤ ᠪᠤᠶᠤ ᠬᠦᠴᠦᠨ ᠦᠭᠡᠢ ᠪᠤᠯᠭᠠᠬᠤ  ᠪᠠᠷ ᠨᠡᠶᠢᠳᠡᠯᠡᠨ᠎ᠡ︔ ᠬᠠᠷᠢᠭᠤᠴᠠᠯᠭ᠎ᠠ ᠲᠠᠢ ᠤᠳᠤᠷᠢᠥᠨᠬᠤ ᠬᠦᠮᠦᠨ ᠪᠠ ᠰᠢᠭᠤᠤᠨ ᠬᠠᠷᠢᠭᠤᠴᠠᠯᠭ᠎ᠠ ᠲᠠᠢ ᠠᠵᠢᠯᠳᠠᠠ ᠢ  ᠦᠢᠯᠨ ᠪᠠᠶᠢᠳᠠᠯ ᠤᠨ ᠬᠦᠨᠳᠦ ᠬᠦᠡᠭᠭᠡᠨ ᠢ ᠦᠨᠳᠦᠰᠦᠯᠡᠵᠦ ᠰᠢᠬᠦᠮᠵᠢᠯᠡᠨ ᠰᠤᠷᠭᠠᠬᠤ ᠪᠤᠶᠤ ᠰᠢᠥᠨᠭᠡᠯ ᠦᠭᠬᠦ ᠭᠡᠷᠡᠭᠳᠡᠢ ︔ ᠶᠠᠯ᠎ᠠ ᠬᠢᠭᠰᠡᠨ ᠭᠡᠮᠵᠢᠶᠡᠨ ᠳᠤ ᠬᠦᠷᠪᠡᠯ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠄ ︵ᠨᠢᠭᠡ ︶ ᠤᠷᠤᠨ ᠲᠤᠭ᠎ᠠ ᠶᠢᠨ ᠬᠢᠵᠠᠭᠠᠷᠯᠠᠭᠰᠠᠨ ᠲᠤᠭ᠎ᠠ᠂ ᠲᠤᠰᠢᠶᠠᠯ ᠤᠨ ᠲᠤᠭ᠎ᠠ ᠪᠤᠶᠤ ᠲᠤᠰᠢᠶᠠᠯ ᠳᠤ ᠲᠤᠮᠢᠯᠠᠬᠤ ᠬᠢᠷᠢ  ᠭᠡᠮ ᠤᠨ ᠨᠦᠬᠦᠴᠡᠯ  ᠶᠤᠰᠤᠭᠠᠷ ᠠᠯᠪᠠᠳᠠᠨ ᠢ ᠡᠯᠰᠡᠨ ᠭᠡᠷᠡᠭᠯᠡᠭᠰᠡᠨ ᠦᠭᠡᠢ᠂ ᠰᠢᠯᠵᠢᠬᠦᠯᠦᠨ ᠲᠤᠮᠢᠯᠠᠭᠰᠠᠨ ᠦᠭᠡᠢ᠂  ᠬᠠᠯᠠᠨ ᠲᠤᠮᠢᠯᠠᠭᠰᠠᠨ ᠦᠭᠡᠢ᠂ ᠤᠷᠢᠨ ᠲᠤᠮᠢᠯᠠᠭᠰᠠᠨ ᠦᠭᠡᠢ ᠪᠠ ᠲᠡᠪᠰᠢᠬᠦᠯᠦᠭᠰᠡᠨ ᠦᠭᠡᠢ︔  ︵ᠬᠤᠶᠠᠷ︶  ᠠᠯᠪᠠᠳᠠᠨ ᠢ ᠱᠠᠩᠨᠠᠵᠤ ᠰᠢᠥᠨᠭᠡᠬᠦ᠂ ᠵᠠᠶᠢᠯᠠᠭᠤᠯᠬᠤ ᠪᠠ ᠠᠵᠢᠯ ᠠᠴᠠ ᠪᠠᠨ ᠠᠮᠠᠷᠠᠬᠤ ᠬᠦᠢᠴᠡᠥᠨᠭᠡᠯ ᠢ ᠲᠤᠭᠳᠠᠭᠠᠭᠰᠠᠨ  ᠨᠦᠬᠦᠴᠡᠯ ᠶᠤᠰᠤᠭᠠᠷ ᠬᠢᠭᠰᠡᠨ ᠦᠭᠡᠢ︔ ︵ᠭᠤᠷᠪᠠ︶ ᠠᠯᠪᠠᠳᠠᠨ ᠢ ᠡᠯᠰᠡᠨ ᠭᠡᠷᠡᠭᠯᠡᠬᠦ᠂ ᠰᠢᠯᠵᠢᠬᠦᠯᠦᠨ ᠲᠤᠮᠢᠯᠠᠬᠤ᠂  ᠬᠠᠯᠠᠨ ᠲᠤᠮᠢᠯᠠᠬᠤ᠂ ᠤᠷᠢᠨ ᠲᠤᠮᠢᠯᠠᠬᠤ᠂ ᠲᠡᠪᠰᠢᠬᠦᠯᠬᠦ᠂ ᠠᠵᠢᠯ ᠤᠨ ᠪᠠᠶᠢᠷᠢ ᠳᠤ ᠦᠷᠢᠰᠦᠯᠳᠦᠨ ᠭᠠᠷᠬᠤ᠂ ᠢᠯᠨ  ᠪᠠᠷ ᠰᠢᠯᠢᠨ ᠲᠡᠪᠰᠢᠬᠦᠯᠬᠦ ᠵᠢᠴᠢ ᠬᠢᠨᠠᠨ ᠰᠢᠯᠭᠠᠬᠤ ᠂ ᠱᠠᠩᠨᠠᠵᠤ ᠰᠢᠥᠨᠭᠡᠬᠦ ᠳᠤ ᠲᠤᠭᠳᠠᠭᠠᠭᠰᠠᠨ ᠵᠢᠷᠤᠮ ᠶᠤᠰᠤᠭᠠᠷ  ᠬᠢᠭᠰᠡᠨ ᠦᠭᠡᠢ︔ ︵ᠲᠦᠷᠪᠡ︶ ᠤᠯᠤᠰ ᠤᠨ ᠲᠤᠭᠳᠠᠭᠠᠯ ᠢ ᠵᠦᠷᠢᠴᠡᠵᠦ ᠠᠯᠪᠠᠳᠠᠨ ᠤ ᠴᠠᠯᠢᠩ᠂ ᠠᠰᠠᠷᠠᠮᠵᠢ᠂  ᠲᠠᠭᠠᠥᠨᠬᠠᠯ ᠤᠨ ᠤᠯᠭᠤᠮᠵᠢ ᠶᠢᠨ ᠪᠠᠷᠢᠮᠵᠢᠶ᠎ᠠ ᠶᠢ  ᠬᠤᠪᠢᠷᠠᠭᠤᠯᠤᠭᠰᠠᠨ︔ ︵ᠲᠠᠪᠤ︶ ᠡᠯᠰᠡᠨ ᠭᠡᠷᠡᠭᠯᠡᠬᠦ᠂ ᠠᠵᠢᠯ ᠤᠨ  ᠪᠠᠶᠢᠷᠢ ᠳᠤ ᠦᠷᠢᠰᠦᠯᠳᠦᠨ ᠭᠠᠷᠬᠤ᠂ ᠢᠯᠨ  ᠪᠠᠷ ᠰᠢᠯᠢᠨ ᠲᠡᠪᠰᠢᠬᠦᠯᠬᠦ ᠲᠤᠮᠳᠠ ᠰᠢᠯᠭᠠᠯᠳᠠ ᠶᠢᠨ ᠰᠡᠳᠦᠪ ᠢ  ᠵᠠᠳᠠᠷᠠᠭᠤᠯᠤᠭᠰᠠᠨ᠂ ᠰᠢᠯᠭᠠᠯᠳᠠ ᠶᠢᠨ ᠲᠠᠯᠠᠪᠠᠢ ᠶᠢᠨ ᠰᠠᠬᠢᠯᠭ᠎ᠠ ᠠᠴᠠ ᠵᠦᠷᠢᠴᠡᠭᠰᠡᠨ ᠬᠢᠭᠡᠥᠨ ᠢᠯᠨ ᠂ ᠲᠦᠪ  ᠭᠤᠤᠯᠴᠢ ᠪᠠᠶᠢᠬᠤ ᠶᠢ ᠬᠦᠨᠳᠦ ᠨᠤᠴᠢᠳᠠᠢ ᠨᠦᠯᠦᠭᠡᠯᠡᠭᠰᠡᠨ ᠪᠤᠰᠤᠤᠨ  ᠪᠠᠶᠢᠳᠠᠯ ᠪᠠᠶᠢᠬᠤ︔ ︵ᠵᠢᠷᠭᠤᠭ᠎ᠠ︶  ᠠᠯᠪᠠᠳᠠᠨ ᠤ ᠭᠤᠮᠤᠳᠠᠯ ᠲᠤᠭᠠᠴᠢᠬᠤ ᠪᠠ ᠵᠠᠭᠠᠯᠳᠤᠬᠤ ᠶᠢ ᠲᠤᠭᠳᠠᠭᠠᠯ ᠶᠤᠰᠤᠭᠠᠷ ᠬᠦᠯᠢᠶᠡᠨ  ᠠᠪᠴᠤ  ᠰᠢᠢᠥᠨᠪᠦᠷᠢᠯᠡᠭᠰᠡᠨ ᠦᠭᠡᠢ︔ ︵ᠲᠤᠯᠤᠭ᠎ᠠ︶ ᠲᠤᠰ ᠬᠠᠥᠯᠢ ᠶᠢᠨ ᠲᠤᠭᠳᠠᠭᠠᠯ ᠢ ᠵᠦᠷᠢᠴᠡᠭᠰᠡᠨ ᠪᠤᠰᠤᠤᠨ ᠪᠠᠶᠢᠳᠠᠯ ᠤᠳ᠃                        ᠵᠠᠭᠤ ᠪᠦᠭᠡᠥᠨ ᠬᠤᠶᠠᠳᠤᠭᠠᠷ ᠵᠦᠢᠯ     ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠤᠶᠤ  ᠡᠰᠡᠬᠦᠯ᠎ᠡ ᠠᠵᠢᠯ ᠠᠴᠠ ᠠᠮᠠᠷᠠᠪᠠᠯ ᠤᠤᠯ ᠨᠢ ᠤᠳᠤᠷᠢᠥᠨᠬᠤ ᠪᠦᠷᠢᠯᠳᠦᠬᠦᠨ ᠪᠠᠶᠢᠭᠰᠠᠨ ᠠᠯᠪᠠᠳᠠᠨ ᠲᠤᠰᠢᠶᠠᠯ ᠠᠴᠠ  ᠪᠠᠨ ᠰᠠᠯᠤᠭᠰᠠᠨ ᠭᠤᠷᠪᠠᠨ ᠵᠢᠯ ᠤᠨ ᠲᠤᠳᠤᠷ᠎ᠠ᠂ ᠪᠤᠰᠤᠤᠨ ᠠᠯᠪᠠᠳᠠᠨ ᠲᠤᠰᠢᠶᠠᠯ ᠠᠴᠠ ᠰᠠᠯᠤᠭᠰᠠᠨ ᠬᠤᠶᠠᠷ  ᠵᠢᠯ ᠤᠨ ᠲᠤᠳᠤᠷ᠎ᠠ ᠤᠤᠯ ᠤᠨ ᠲᠤᠬᠠᠢᠢᠯᠠᠭᠰᠠᠨ ᠠᠵᠢᠯ ᠲᠠᠢ ᠰᠢᠭᠤᠤᠨ ᠬᠤᠯᠪᠤᠭᠳᠠᠬᠤ ᠠᠵᠤ ᠠᠬᠤᠢᠢᠯᠠᠯ ᠪᠤᠶᠤ  ᠪᠤᠰᠤᠤᠨ ᠡᠵᠡᠩᠨᠡᠯ ᠤᠨ ᠴᠢᠨᠠᠷ ᠲᠠᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠡᠭᠦᠷᠭᠡᠯᠡᠵᠦ ᠪᠤᠯᠬᠤ ᠦᠭᠡᠢ᠃  ᠤᠤᠯ ᠤᠨ ᠲᠤᠬᠠᠢᠢᠯᠠᠭᠰᠠᠨ ᠠᠵᠢᠯ ᠲᠠᠢ ᠰᠢᠭᠤᠤᠨ ᠬᠤᠯᠪᠤᠭ᠎ᠠ ᠲᠠᠢ ᠡᠵᠡᠩᠨᠡᠯ ᠤᠨ ᠴᠢᠨᠠᠷ ᠲᠠᠢ ᠠᠵᠢᠯ ᠬᠢᠵᠦ ᠪᠤᠯᠬᠤ  ᠦᠭᠡᠢ᠃ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠠᠮᠠᠷᠠᠭᠰᠠᠨ ᠤ ᠲᠠᠷᠠᠭ᠎ᠠ  ᠲᠡᠭᠡᠷᠡᠬᠢ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠲᠠᠢ  ᠪᠤᠯ ᠤᠤᠯ ᠤᠨ ᠪᠠᠶᠢᠭᠤᠯᠭ᠎ᠠ ᠶᠢᠨ ᠠᠳᠠᠯᠢ ᠱᠠᠳᠤᠨ ᠤ  ᠠᠯᠪᠠᠳᠠᠨ ᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠥᠨ ᠲᠤᠭᠳᠠᠭᠰᠠᠨ ᠬᠤᠭᠤᠴᠠᠭᠠᠨ ᠳᠤ  ᠵᠠᠯᠠᠷᠠᠭᠤᠯᠤᠨ᠎ᠠ︔ ᠬᠤᠭᠤᠴᠠᠭ᠎ᠠ ᠦᠡᠭᠭᠡᠷᠡᠭᠡᠥᠨ ᠵᠠᠯᠠᠷᠠᠭᠤᠯᠬᠤ ᠦᠭᠡᠢ ᠪᠤᠯ ᠰᠢᠶᠠᠨ ᠤ ᠱᠠᠳᠤᠨ  ᠠᠴᠠ ᠲᠡᠭᠡᠭᠰᠢᠬᠢ  ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠰ ᠬᠦᠮᠦᠨ ᠤ  ᠠᠵᠢᠯ ᠡᠷᠬᠢᠯᠡᠭᠰᠡᠨ ᠬᠤᠭᠤᠴᠠᠭᠠᠨ ᠳᠠᠬᠢ ᠬᠠᠥᠯᠢ ᠪᠤᠰᠤ ᠤᠷᠤᠯᠭ᠎ᠠ ᠶᠢ ᠬᠤᠷᠢᠶᠠᠨ ᠠᠪᠴᠤ᠂ ᠬᠦᠯᠢᠶᠡᠨ ᠠᠪᠤᠭᠰᠠᠨ  ᠨᠢᠭᠡᠴᠡ ᠶᠢ ᠵᠠᠷᠯᠢᠭᠳᠠᠵᠤ ᠪᠠᠶᠢᠭᠠᠥᠨ ᠲᠤᠰ ᠠᠵᠢᠯᠳᠠᠨ ᠢ ᠪᠤᠴᠠᠭᠠᠨ᠎ᠠ᠂ ᠭᠡᠬᠦ ᠮᠦᠷᠳᠡᠭᠡᠨ ᠦᠢᠯᠨ ᠪᠠᠶᠢᠳᠠᠯ ᠤᠨ  ᠬᠦᠨᠳᠦ ᠬᠦᠡᠭᠭᠡᠨ ᠢ ᠦᠨᠳᠦᠰᠦᠯᠡᠵᠦ᠂ ᠬᠦᠯᠢᠶᠡᠵᠤ ᠠᠪᠤᠭᠰᠠᠨ ᠨᠢᠭᠡᠴᠡ ᠶᠢ ᠲᠤᠷᠭᠤᠭᠠᠭᠳᠠᠭᠰᠠᠨ ᠬᠦᠮᠦᠨ ᠤ ᠬᠠᠥᠯᠢ  ᠪᠤᠰᠤ ᠤᠷᠤᠯᠭ᠎ᠠ ᠶᠢᠨ ᠬᠢᠨᠢ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠷᠤᠭᠰᠢ ᠮᠦᠡᠭᠭᠦ  ᠪᠠᠷ  ᠲᠤᠷᠭᠠᠨ᠎ᠠ᠃                          ᠵᠠᠭᠤ ᠪᠦᠭᠡᠥᠨ ᠭᠤᠷᠪᠠᠳᠤᠭᠠᠷ ᠵᠦᠢᠯ     ᠪᠠᠶᠢᠭᠤᠯᠭ᠎ᠠ ᠠᠴᠠ ᠪᠤᠳᠠᠳᠤ ᠠᠵᠢᠯᠳᠠᠨ ᠤ ᠶᠠᠪᠤᠳᠠᠯ ᠤᠨ ᠪᠤᠷᠤᠭᠤ  ᠰᠢᠢᠥᠨᠪᠦᠷᠢᠯᠡᠯᠳᠡ ᠠᠴᠠ ᠪᠤᠯᠵᠤ ᠠᠯᠪᠠᠳᠠᠨ ᠤ ᠨᠡᠷ᠎ᠡ ᠲᠦᠷᠦ ᠶᠢ ᠨᠢ ᠬᠤᠬᠢᠷᠠᠭᠤᠯᠤᠭᠰᠠᠨ ᠪᠠᠶᠢᠪᠠᠯ ᠪᠤᠷᠤᠭᠤ  ᠭᠦᠯᠢᠶᠡᠵᠦ ᠨᠡᠷ᠎ᠡ ᠲᠦᠷᠦ ᠶᠢ ᠨᠢ ᠰᠡᠷᠬᠦᠭᠡᠵᠦ᠂ ᠨᠦᠯᠦᠭᠡ ᠶᠢ ᠠᠷᠢᠯᠭᠠᠬᠤ ᠭᠡᠷᠡᠭᠳᠡᠢ︔ ᠠᠵᠤ ᠠᠬᠤᠢ ᠶᠢᠨ  ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠥᠯᠢ ᠶᠤᠰᠤᠭᠠᠷ ᠲᠦᠯᠦᠭᠦ ᠭᠡᠷᠡᠭᠳᠡᠢ᠃                         ᠵᠠᠭᠤ ᠪᠦᠭᠡᠥᠨ ᠲᠦᠷᠪᠡᠳᠦᠭᠡᠷ ᠵᠦᠢᠯ     ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ  ᠠᠵᠢᠯᠳᠠᠨ ᠲᠤᠰ ᠬᠠᠥᠯᠢ ᠶᠢ ᠵᠦᠷᠢᠴᠡᠵᠦ ᠡᠷᠭᠡ  ᠪᠠᠨ ᠲᠤᠷ᠎ᠠ ᠪᠠᠷ ᠢᠶᠠᠨ ᠭᠡᠷᠡᠭᠯᠡᠨ᠂ ᠲᠤᠰᠢᠶᠠᠯ ᠢᠶᠠᠨ ᠭᠤᠳᠤᠭᠠᠵᠤ᠂  ᠬᠤᠪᠢ ᠶᠢᠨ ᠨᠠᠶᠢᠷ ᠢᠶᠠᠷ ᠬᠠᠥᠯᠢ ᠶᠤᠰᠤ ᠶᠢ ᠵᠦᠷᠢᠴᠡᠵᠦ ᠶᠠᠯ᠎ᠠ ᠬᠢᠬᠦ ᠭᠡᠮᠵᠢᠶᠡᠨ ᠳᠤ ᠬᠦᠷᠦᠭᠰᠡᠨ ᠪᠤᠯ ᠬᠠᠥᠯᠢ  ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠶᠠᠯ᠎ᠠ ᠬᠢᠬᠦ ᠭᠡᠮᠵᠢᠶᠡᠨ ᠳᠤ ᠬᠦᠷᠦᠭᠰᠡᠨ ᠦᠭᠡᠢ ᠳᠤᠨᠢ  ᠰᠢᠥᠨᠭᠡᠯ ᠦᠭᠬᠦᠨ᠎ᠡ᠃                                                   ᠠᠷᠪᠠᠨ ᠨᠠᠢᠮᠠᠳᠤᠭᠠᠷ ᠪᠦᠯᠦᠭ     ᠲᠠᠭᠠᠯᠳᠤᠭᠤᠯᠤᠯ ᠲᠦᠷᠢᠮ                          ᠵᠠᠭᠤ ᠪᠦᠭᠡᠥᠨ ᠲᠠᠪᠤᠳᠤᠭᠠᠷ ᠵᠦᠢᠯ     ᠲᠤᠰ ᠬᠠᠥᠯᠢ ᠳᠤ ᠨᠡᠷᠡᠶᠢᠥᠨᠴᠦ ᠪᠠᠶᠢᠭ᠎ᠠ ᠤᠳᠤᠷᠢᠥᠨᠬᠤ  ᠪᠦᠷᠢᠯᠳᠦᠬᠦᠨ ᠭᠡᠳᠡᠭ ᠪᠤᠯ ᠪᠠᠶᠢᠭᠤᠯᠭ᠎ᠠ ᠶᠢᠨ ᠤᠳᠤᠷᠢᠥᠨᠬᠤ ᠬᠦᠮᠦᠨ ᠢ ᠵᠢᠭᠠᠵᠤ ᠪᠠᠶᠢᠨ᠎ᠠ᠂ ᠪᠠᠶᠢᠭᠤᠯᠭ᠎ᠠ ᠶᠢᠨ  ᠲᠤᠳᠤᠭᠠᠳᠤ ᠳᠤ ᠲᠤᠬᠢᠷᠠᠭᠤᠯᠤᠭᠰᠠᠨ ᠪᠠᠶᠢᠭᠤᠯᠤᠮᠵᠢ ᠳᠤ ᠤᠳᠤᠷᠢᠥᠨᠬᠤ ᠲᠤᠰᠢᠶᠠᠯ ᠬᠠᠷᠢᠭᠤᠴᠠᠵᠤ ᠪᠠᠶᠢᠭ᠎ᠠ  ᠬᠦᠮᠦᠰ ᠢ ᠪᠠᠭᠳᠠᠭᠠᠬᠤ ᠦᠭᠡᠢ᠃                           ᠵᠠᠭᠤ ᠪᠦᠭᠡᠥᠨ ᠵᠢᠷᠭᠤᠳᠤᠭᠠᠷ ᠵᠦᠢᠯ     ᠬᠠᠥᠯᠢ ᠲᠦᠷᠢᠮ᠂ ᠬᠠᠥᠯᠢ ᠲᠤᠭᠳᠠᠭᠠᠯ ᠠᠴᠠ ᠡᠷᠭᠡ ᠤᠯᠭᠤᠵᠤ  ᠤᠯᠠᠨ ᠨᠡᠶᠢᠳᠡ ᠶᠢᠨ ᠶᠠᠪᠤᠳᠠᠯ ᠤᠨ ᠬᠠᠮᠢᠶᠠᠷᠤᠯᠳᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ  ᠨᠢᠭᠡᠴᠡ ᠳᠠᠬᠢ ᠠᠵᠢᠯᠴᠢᠨ ᠦᠢᠯᠡᠴᠢᠯᠡᠭᠴᠢᠥᠨ ᠠᠴᠠ ᠪᠤᠰᠤᠤᠨ ᠠᠵᠢᠯᠳᠠᠨ ᠳᠤ ᠵᠦᠪᠰᠢᠶᠡᠷᠡᠯ  ᠢᠶᠠᠷ ᠲᠠᠮᠵᠢᠵᠤ ᠲᠤᠰ  ᠬᠠᠥᠯᠢ ᠪᠠᠷ ᠯᠠᠪᠯᠠᠯᠳᠠ ᠪᠤᠯᠭᠠᠵᠤ ᠬᠠᠮᠢᠶᠠᠷᠤᠯᠳᠠ ᠶᠠᠪᠤᠭᠤᠯᠤᠨ᠎ᠠ᠃                         ᠵᠠᠭᠤ ᠪᠦᠭᠡᠥᠨ ᠲᠤᠯᠤᠳᠤᠭᠠᠷ ᠵᠦᠢᠯ      ᠲᠣᠰ ᠬᠠᠥᠯᠢ 2006 ᠤᠨ ᠤ 1 ᠰᠠᠷ᠎ᠠ ᠶᠢᠨ 1 ᠤ ᠡᠳᠦᠷ  ᠠᠴᠠ ᠡᠭᠢᠯᠡᠨ ᠭᠡᠷᠡᠭᠵᠢᠬᠦᠯᠦᠨ᠎ᠡ᠃ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠠᠴᠠ 1957 ᠤᠨ ᠤ 10 ᠰᠠᠷ᠎ᠠ ᠶᠢᠨ 23 ᠤ ᠡᠳᠦᠷ ᠪᠠᠳᠤᠯᠠᠭᠠᠥᠨ᠂ ᠲᠦᠷᠦ ᠶᠢᠨ  ᠶᠠᠪᠤᠳᠠᠯ ᠤᠨ ᠬᠤᠷᠢᠶᠠᠨ ᠠᠴᠠ 1957 ᠤᠨ ᠤ 10 ᠰᠠᠷ᠎ᠠ ᠶᠢᠨ 26 ᠤ ᠡᠳᠦᠷ ᠨᠡᠶᠢᠳᠡᠯᠡᠭᠰᠡᠨ ︽ᠤᠯᠤᠰ ᠤᠨ  ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠢ ᠱᠠᠩᠨᠠᠵᠤ ᠰᠢᠥᠨᠭᠡᠬᠦ ᠲᠤᠬᠠᠢ ᠲᠦᠷ ᠭᠡᠷᠡᠭᠵᠢᠬᠦᠯᠬᠦ ᠲᠤᠭᠳᠠᠭᠠᠯ︾᠂ 1993 ᠤᠨ ᠤ 8 ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠡᠶᠢᠳᠡᠯᠡᠭᠰᠡᠨ ︽  ᠲᠦᠷᠦ ᠶᠢᠨ ᠠᠯᠪᠠᠳᠠᠨ ᠤ ᠲᠦᠷ ᠭᠡᠷᠡᠭᠵᠢᠬᠦᠯᠬᠦ ᠲᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃              
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ