ᠰᠢ ᠶᠢᠨ ᠫᠢᠩ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠲᠡᠷᠢᠭᠦᠨ ᠤ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2022/9/19
     ᠲᠤᠬᠠᠶ ᠶᠢᠨ ᠭᠠᠵᠠᠷ ᠤᠨ ᠴᠠᠭ ᠢᠶᠠᠷ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠠᠮᠠᠷᠺᠠᠨᠳ᠋ ᠲᠠᠬᠢ ᠲᠥᠷᠥ ᠶᠢᠨ ᠵᠣᠴᠢᠳ ᠤᠨ ᠪᠠᠭᠤᠳᠠᠯ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ ᠲᠠᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠲᠡᠷᠢᠭᠦᠨ ᠤ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠬᠢᠪᠠ᠃      ᠰᠢ ᠶᠢᠨ ᠫᠢᠩ᠂ ᠳᠤᠮᠳᠠᠳᠤ ᠤᠷᠤᠰ ᠮᠣᠩᠭᠤᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠳᠤ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠪᠠ ᠬᠥᠭᠵᠢᠯᠲᠡ ᠶᠢᠨ ᠤᠶᠠᠨ ᠬᠠᠳᠠᠨ ᠴᠢᠨᠠᠷ ᠲᠠᠢ ᠶᠤᠮ᠃ ᠬᠡᠳᠦ᠋ᠢᠪᠡᠷ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠨᠥᠯᠥᠭᠡ ᠳᠤ ᠤᠴᠠᠷᠠᠭᠰᠠᠨ ᠪᠣᠯᠪᠠᠴᠤ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠠᠯᠬᠤᠭ᠎ᠠ ᠶᠡᠷᠦ ᠠᠴᠠ ᠵᠣᠭᠰᠣᠭᠰᠠᠨ ᠦᠭᠡᠢ᠂ ᠣᠯᠤᠭᠰᠠᠨ ᠠᠮᠵᠢᠯᠲᠠ ᠨᠢ ᠨᠤᠲᠠᠯᠠᠭᠤᠰᠢᠲᠠᠢ ᠶᠤᠮ᠃ ᠪᠢᠳᠡ ᠭᠠᠷ ᠬᠤᠯᠪᠣᠨ ᠬᠢᠵᠢᠭ ᠲᠠᠢ ᠲᠡᠮᠡᠴᠡᠵᠦ᠂ ᠬᠠᠮᠤᠭ ᠤᠨ ᠲᠦᠷᠦᠭᠦᠨ ᠳᠤ ᠬᠢᠵᠢᠭ ᠲᠠᠢ ᠲᠡᠮᠡᠴᠡᠬᠦ ᠡᠳ᠋ ᠪᠣᠳᠠᠰ ᠢᠶᠠᠷ ᠬᠠᠷᠢᠯᠴᠠᠨ ᠲᠤᠰᠠᠯᠠᠯᠴᠠᠵᠤ᠂ ᠬᠢᠵᠢᠭ ᠲᠠᠢ ᠲᠡᠮᠡᠴᠡᠭᠰᠡᠨ ᠲᠤᠷᠰᠢᠯᠭ᠎ᠠ ᠪᠠᠨ ᠥᠴᠦᠬᠡᠨ ᠴᠦ ᠬᠠᠷᠠᠮ ᠦᠭᠡᠢ ᠬᠤᠪᠢᠶᠠᠯᠴᠠᠵᠤ᠂ ᠭᠤᠷᠪᠠᠨ ᠤᠯᠤᠰ ᠤᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠲᠤ ᠪᠠᠷ ᠬᠠᠮᠠᠭᠠᠯᠠᠪᠠ᠃ ᠪᠢᠳᠡ ︽ᠡᠭᠦᠯᠡᠨ ᠰᠣᠯᠢᠯᠴᠠᠭ᠎ᠠ︾ ᠥᠷᠨᠢᠭᠦᠯᠵᠦ᠂ ᠶᠠᠪᠤᠯᠴᠠᠭᠠᠨ ᠤ ᠬᠠᠯᠠᠮᠰᠢᠯ ᠢ ᠪᠠᠲᠤᠯᠠᠵᠤ᠂ ᠠᠷᠠᠳ ᠤᠨ ᠰᠡᠳᠭᠢᠯ ᠤᠨ ᠨᠡᠪᠲᠡᠷᠡᠯᠴᠡᠭᠡ ᠶᠢᠨ ᠬᠤᠯᠪᠣᠭᠠᠰᠤ ᠨᠡᠩ ᠨᠢᠭᠲᠠ ᠪᠣᠯᠵᠠᠢ᠃ ᠪᠢᠳᠡ ᠬᠢᠯᠢ ᠬᠢᠵᠠᠭᠠᠷ ᠣᠷᠣᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢᠨ ᠲᠣᠭᠲᠠᠭᠤᠨ ᠪᠥᠭᠡᠳ ᠰᠠᠭᠠᠳ ᠥᠬᠡᠶ ᠪᠠᠶᠢᠬᠤ ᠶᠢ ᠠᠬᠢᠭᠤᠯᠵᠤ᠂ ᠭᠤᠷᠪᠠᠨ ᠤᠯᠤᠰ ᠢᠶᠠᠷ ᠥᠩᠭᠡᠷᠡᠬᠦ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠽᠢᠶ᠎ᠠ ᠲᠢᠪ ᠤᠨ ᠵᠠᠰᠠᠮᠠᠯ ᠵᠠᠮ ᠤᠨ ᠲᠤᠤᠷ ᠢ ᠠᠬᠢᠭᠤᠯᠤᠭᠰᠠᠨ ᠦᠷ᠎ᠡ ᠪᠦᠲᠦᠮᠵᠢ ᠢᠯᠡᠷᠬᠡᠢ ᠪᠠᠶᠢᠨ᠎ᠠ ᠭᠡᠵᠤ ᠵᠢᠭᠠᠵᠤ ᠭᠠᠷᠭᠠᠵᠠᠢ᠃      ᠰᠢ ᠶᠢᠨ ᠫᠢᠩ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠶ ᠳᠥᠷᠪᠡᠨ ᠰᠠᠨᠠᠭᠤᠯᠭ᠎ᠠ ᠳᠤᠷᠠᠳᠪᠠ᠃      ᠨᠢᠭᠡ ᠳᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠪᠠᠲᠤ ᠡᠵᠡᠮᠳᠡᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠦᠨᠳᠦᠳᠭᠡᠵᠦ᠂ ᠲᠤᠰ ᠲᠤᠰ ᠤᠨ ᠢᠶᠠᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠷᠠᠭᠠᠯᠵᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠶ᠎ᠠ᠃     ᠬᠤᠶᠠᠷ ᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠳᠦᠭᠦᠪᠴᠢ ᠲᠦᠰᠦᠪ ᠤᠨ ᠳᠣᠲᠣᠷᠠᠬᠢ ᠬᠠᠮᠲᠤᠷᠠᠯᠴᠠᠭ᠎ᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠬᠠᠮᠲᠤᠷᠠᠯᠴᠠᠭᠠᠨ ᠤ ᠲᠠᠪᠴᠠᠩ᠂ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠨᠡᠮᠡᠭᠳᠡᠯ ᠤᠨ ᠲᠠᠪᠴᠠᠩ ᠢ ᠬᠠᠮᠲᠤ ᠪᠠᠷ ᠴᠣᠭᠴᠠᠯᠠᠶ᠎ᠠ᠃     ᠭᠤᠷᠪᠠ ᠳᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠨᠢᠭᠡᠨᠲᠡ ᠬᠠᠮᠲᠤ ᠶᠢᠨ ᠲᠠᠨᠢᠯᠲᠠ ᠲᠠᠢ ᠪᠣᠯᠵᠣ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠠᠬᠢᠭᠤᠯᠵᠤ᠂ ᠭᠤᠷᠪᠠᠨ ᠤᠯᠤᠰ ᠤᠨ ᠦᠶ᠋ᠯᠡᠳᠪᠦᠷᠢ ᠬᠤᠳᠠᠯᠳᠤᠭᠠᠨ ᠤ ᠡᠲᠡᠭᠡᠳ ᠲᠤ ᠦᠷᠭᠦᠯᠵᠢᠯᠡᠨ ᠴᠢᠨᠠᠷ ᠰᠠᠶᠢᠲᠠᠶ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠶ᠎ᠠ᠃      ᠳᠥᠷᠪᠡ ᠳᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠨᠠᠩ ᠣᠯᠠᠨ ᠦᠷ᠎ᠡ ᠪᠦᠲᠦᠭᠡᠯ ᠢ ᠪᠤᠶᠢᠵᠢᠭᠤᠯᠵᠤ᠂ ᠬᠤᠭᠤᠷᠣᠨᠳᠣᠬᠢ ᠠᠷᠠᠯᠵᠢᠶᠠᠨ ᠤ ᠳᠡᠪᠢᠰᠭᠡᠷᠲᠦ ᠵᠣᠭᠤᠰ ᠢᠶᠠᠷ ᠲᠠᠰᠤᠯᠤᠨ ᠪᠤᠳᠤᠬᠤ ᠬᠡᠪᠴᠢᠶ᠎ᠡ ᠶᠢ ᠥᠷᠭᠡᠳᠭᠡᠬᠦ ᠶᠢ ᠳᠡᠮᠵᠢᠵᠦ᠂ ᠣᠷᠣᠰ ᠪᠣᠯᠤᠨ ᠮᠣᠩᠭᠤᠯ ᠤᠯᠤᠰ ᠤᠨ ᠨᠠᠩ ᠣᠯᠠᠨ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠢᠯᠢ ᠠᠯᠤᠰᠯᠠᠨ ᠲᠣᠭᠠᠴᠠᠭ᠎ᠠ ᠬᠢᠬᠦ ᠰᠢᠰᠲ᠋ᠧᠮ ᠳᠤ ᠣᠷᠣᠯᠴᠠᠬᠤ ᠶᠢ ᠪᠠᠶᠠᠷᠯᠠᠨ ᠤᠭᠲᠤᠵᠤ᠂ ᠭᠠᠵᠠᠷ ᠣᠷᠣᠨ ᠤ ᠮᠥᠩᠭᠦᠨ ᠭᠦᠶ᠋ᠯᠭᠡᠭᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠠ᠃       ᠫᠦᠲ᠋ᠢᠨ᠂ ᠣᠷᠣᠰ ᠳᠤᠮᠳᠠᠳᠤ ᠮᠣᠩᠭᠤᠯ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ ᠢᠯᠡᠳᠲᠡ ᠬᠠᠷᠢᠯᠴᠠᠨ ᠠᠰᠢᠭᠲᠠᠶ ᠰᠢᠨᠵᠢ ᠴᠢᠨᠠᠷ ᠲᠠᠢ ᠪᠠᠶᠢᠵᠤ᠂ ᠬᠤᠭᠤᠷᠣᠨᠳᠣᠬᠢ ᠬᠠᠷᠢᠯᠴᠠᠭᠠᠨ ᠤ ᠬᠥᠭᠵᠢᠯᠲᠡ ᠳᠤ ᠨᠡᠮᠡᠯᠲᠡ ᠥᠷᠲᠡᠭ ᠨᠡᠮᠡᠭᠳᠡᠭᠦᠯᠪᠡ᠃ ᠭᠤᠷᠪᠠᠨ ᠤᠯᠤᠰ ᠬᠥᠷᠰᠢ ᠤᠯᠤᠰ ᠪᠣᠯᠤᠭᠰᠠᠨ ᠤ ᠬᠤᠪᠢ ᠳᠤ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠲᠡᠮᠵᠢᠵᠤ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠪᠠᠬᠢᠵᠢᠭᠦᠯᠦᠨ ᠠᠬᠢᠭᠤᠯᠪᠠᠯ ᠵᠣᠬᠢᠨ᠎ᠠ᠃ ᠭᠤᠷᠪᠠᠨ ᠤᠯᠤᠰ ᠤᠨ ᠠᠵᠤ ᠠᠬᠤᠶᠢᠯᠠᠯᠲᠠᠳ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ ᠳᠡᠮᠵᠢᠵᠦ᠂ ᠵᠠᠮ ᠬᠠᠷᠢᠯᠴᠠᠭ᠎ᠠ᠂ ᠪᠠᠷᠠᠭᠠᠨ ᠤ ᠭᠦᠶ᠋ᠯᠭᠡᠭᠡ᠂ ᠬᠢᠯᠢ ᠠᠯᠤᠰᠯᠠᠭᠰᠠᠨ ᠲᠡᠭᠡᠭᠡᠪᠦᠷᠢ᠂ ᠡᠨᠧᠷᠭᠢ᠂ ᠳᠡᠭᠡᠳᠦ ᠰᠢᠨ᠎ᠡ ᠮᠡᠷᠭᠡᠵᠢᠯ᠂ ᠵᠢᠭᠤᠯᠴᠢᠯᠠᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠨᠠᠩ ᠣᠯᠠᠨ ᠪᠣᠳᠠᠲᠤ ᠠᠬᠢᠴᠠ ᠲᠠᠢ ᠪᠣᠯᠬᠤ ᠶᠢ ᠠᠬᠢᠭᠤᠯᠪᠠᠯ ᠵᠣᠬᠢᠨ᠎ᠠ ᠭᠡᠵᠦ ᠢᠯᠡᠳᠭᠡᠪᠡ᠃       ᠬᠦᠷᠡᠯᠰᠦ᠋ᠭᠡ᠂ ᠳᠤᠮᠳᠠᠳᠤ ᠤᠷᠤᠰ ᠬᠤᠶᠠᠷ ᠤᠯᠤᠰ ᠯᠤᠭ᠎ᠠ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠪᠣᠯ ᠮᠣᠩᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠴᠢᠭᠯᠡᠯ ᠪᠣᠯᠤᠨ᠎ᠠ᠃ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ᠂ ᠮᠣᠩᠭᠤᠯ ᠳᠤᠮᠳᠠᠳᠤ ᠤᠷᠤᠰ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠨᠢ ᠨᠡᠩ ᠴᠢᠬᠤᠯᠠ ᠶᠤᠮ᠃ ᠮᠣᠩᠭᠤᠯ ᠤᠯᠤᠰ ᠳᠤᠷᠠᠲᠠᠶ᠎ᠠ ᠳᠤᠮᠳᠠᠳᠤ᠂ ᠤᠷᠤᠰ ᠯᠤᠭ᠎ᠠ ᠤᠯᠤᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠪᠣᠯᠤᠨ ᠭᠤᠷᠪᠠᠨ ᠲᠠᠯ᠎ᠠ ᠶᠢᠨ ᠠᠷᠠᠯᠵᠢᠶ᠎ᠠ᠂ ᠪᠡᠯᠡ ᠣᠷᠣᠭᠤᠯᠤᠯᠲᠠ᠂ ᠣᠷᠴᠢᠨ ᠲᠣᠭᠤᠷᠢᠨ᠂ ᠡᠨᠧᠷᠭᠢ᠂ ᠲᠡᠮᠦᠷ ᠵᠠᠮ᠂ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠴᠥᠮ ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠭᠡᠪᠡ᠃      ᠭᠤᠷᠪᠠᠨ ᠲᠠᠯ᠎ᠠ ᠪᠠᠷ ᠢᠶᠠᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠢ ᠪᠥᠲᠥᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ︾ ᠶᠢ 5 ᠵᠢᠯ ᠤᠷᠲᠤᠳᠬᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠳᠤᠮᠳᠠ ᠱᠤᠭᠤᠮ ᠤᠨ ᠲᠡᠮᠦᠷ ᠵᠠᠮ ᠢ ᠲᠠᠰ ᠳᠡᠪᠰᠢᠭᠦᠯᠦᠨ ᠥᠭᠡᠷᠡᠴᠢᠯᠡᠬᠦ ᠪᠠ ᠬᠥᠭᠵᠢᠭᠦᠯᠬᠦ ᠪᠣᠯᠤᠮᠵᠢᠲᠤ ᠴᠢᠨᠠᠷ ᠤᠨ ᠰᠤᠳᠤᠯᠭᠠᠨ ᠢ ᠵᠢᠩᠬᠢᠨᠢ ᠪᠠᠷ ᠡᠬᠢᠯᠡᠭᠦᠯᠵᠦ᠂ ᠳᠤᠮᠳᠠᠳᠤ ᠣᠷᠣᠰ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠮᠣᠩᠭᠤᠯ ᠤᠯᠤᠰ ᠤᠨ ᠬᠢᠯᠢ ᠪᠠᠷ ᠦᠩᠬᠡᠷᠡᠬᠦ ᠤᠬᠰᠠᠷᠠᠬᠤ ᠲᠥᠷᠥᠯ ᠵᠦᠶ᠋ᠯ ᠢ ᠢᠳᠡᠪᠬᠢᠲᠡᠶ ᠠᠬᠢᠭᠤᠯᠬᠤ ᠪᠠᠷ ᠵᠥᠪᠳᠡᠨ ᠲᠣᠭᠲᠠᠪᠠ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ