ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠳᠦᠷᠦᠬᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠳᠤ ᠤᠷᠤᠯᠴᠠᠵᠥ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/9/19
     ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠳᠦᠷᠦᠬᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠳᠤ ᠤᠷᠤᠯᠴᠠᠵᠥ ᠴᠢᠬᠤᠯᠠ ᠶᠠᠷᠢᠶ᠎ᠠ ᠲᠠᠯᠪᠢᠪᠠ     ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠷᠢᠮᠲᠠᠯᠠᠵᠤ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠥ ᠨᠠᠩ ᠨᠢᠭᠲᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠶ᠎ᠠ ᠬᠡᠵᠤ ᠴᠢᠬᠤᠯᠠᠴᠢᠯᠠᠵᠠᠢ     ᠲᠤᠬᠠᠢ ᠶᠢᠨ ᠭᠠᠵᠠᠷ ᠤᠨ ᠴᠠᠭ ᠢᠶᠠᠷ 9 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠠᠮᠠᠷᠺᠠᠨᠳ᠋ ᠤᠨ ᠤᠯᠠᠨ ᠤᠯᠤᠰ ᠤᠨ ᠬᠤᠷᠠᠯ ᠤᠨ ᠲᠥᠪ ᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠬᠤᠶᠠᠳᠤᠭᠠᠷ ᠤᠳᠠᠭ᠎ᠠ ᠶᠢᠨ ᠬᠤᠷᠠᠯ ᠳᠤ ᠣᠷᠣᠯᠴᠠᠪᠠ᠃      ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠬᠤᠷᠠᠯ ᠢ ᠡᠷᠬᠢᠯᠡᠵᠥ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠪᠣᠯᠬᠤ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ᠂ ᠡᠨᠡᠳᠭᠡᠭ ᠤᠨ ᠶᠡᠷᠦᠩᠬᠡᠶ ᠰᠠᠶᠢᠳ ᠮᠦᠸᠧᠳᠢ᠂ ᠫᠠᠺᠢᠰᠲ᠋ᠠᠨ ᠤ ᠶᠡᠷᠦᠩᠬᠡᠶ ᠰᠠᠶᠢᠳ ᠰᠢᠶᠠᠪᠠᠽᠢ᠂ ᠠᠵᠢᠭᠯᠠᠭᠴᠢ ᠤᠯᠤᠰ ᠪᠤᠯᠬᠤ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ᠂ ᠢᠷᠠᠨ ᠤ ᠶᠡᠷᠦᠩᠬᠡᠶᠢᠯᠡᠭᠴᠢ ᠯᠠᠶᠢᠰᠢ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ ᠲᠡᠷᠢᠭᠦᠯᠡᠭᠴᠢ ᠤᠯᠤᠰ ᠤᠨ ᠵᠣᠴᠢᠨ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠰᠧᠷᠳᠠᠯ · ᠪᠧᠷᠳᠢᠮᠦ᠋ᠬᠠᠨᠮᠧᠳᠤᠹ᠂ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ᠂ ᠲᠦᠷᠺ ᠤᠨ ᠶᠡᠷᠦᠩᠬᠡᠶᠢᠯᠡᠭᠴᠢ ᠠᠶᠢᠷᠳᠣ᠋ ᠊ ᠠᠨ ᠵᠢᠴᠢ ᠬᠠᠮᠢᠶ᠎ᠠ ᠪᠦᠬᠦᠢ ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠰᠢ ᠶᠢᠨ ᠫᠢᠩ ᠬᠤᠷᠠᠯ ᠳᠡᠭᠡᠷ᠎ᠡ ︽ᠴᠠᠭ ᠦᠶ᠎ᠡ ᠶᠢᠨ ᠤᠷᠤᠰᠬᠠᠯ ᠢ ᠡᠵᠡᠮᠳᠡᠵᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠡᠨᠡ ᠵᠢᠯ ᠪᠣᠯ ᠶᠠᠬ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠲᠦᠷᠢᠮ ᠳᠤ ᠭᠠᠷ ᠤᠨ ᠦᠰᠦᠭ ᠵᠢᠷᠤᠭᠰᠠᠨ 20 ᠵᠢᠯ ᠤᠨ ᠤᠢ᠂ ᠪᠦᠷᠢᠯᠳᠦᠬᠦᠨ ᠤᠯᠤᠰ ᠤᠳ ᠤᠨ ᠤᠷᠳᠤ ᠬᠤᠭᠤᠴᠠᠭᠠᠨ ᠤ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ ᠳᠤ ᠭᠠᠷ ᠤᠨ ᠦᠰᠦᠭ ᠵᠢᠷᠤᠭᠰᠠᠨ 15 ᠵᠢᠯ ᠤᠨ ᠤᠢ ᠪᠣᠯᠤᠨ᠎ᠠ᠃ ᠡᠨᠡ ᠬᠤᠶᠠᠷ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠦᠵᠡᠯ ᠰᠠᠨᠠᠭᠠᠨ ᠤ ᠰᠠᠭᠤᠷᠢ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠰᠢᠨ᠎ᠡ ᠬᠡᠯᠪᠡᠷᠢ ᠶᠢᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠦᠰᠦᠨ ᠪᠤᠶᠢᠵᠢᠵᠤ ᠪᠤᠵᠠᠭᠠᠶᠢᠷᠠᠬᠤ ᠵᠠᠮ ᠢ ᠠᠯᠬᠤᠮ ᠠᠯᠬᠤᠮ ᠢᠶᠠᠷ ᠠᠮᠵᠢᠯᠲᠠ ᠲᠠᠢ ᠬᠠᠶᠢᠨ ᠰᠦᠪᠡᠭᠴᠢᠯᠡᠵᠦ᠂ ᠠᠯᠢ ᠤᠯᠠᠨ ᠰᠡᠩᠬᠡᠷᠡᠭᠦᠯᠬᠦ ᠠᠴᠢ ᠬᠤᠯᠪᠣᠭᠳᠠᠯ ᠪᠦᠬᠦᠢ ᠴᠢᠬᠤᠯᠠ ᠠᠮᠵᠢᠯᠲᠠ ᠲᠠᠢ ᠲᠤᠷᠰᠢᠯᠭ᠎ᠠ ᠶᠢ ᠬᠤᠷᠠᠮᠳᠤᠭᠤᠯᠪᠠ᠂ ᠲᠤᠬᠠᠶᠢᠯᠠᠪᠠᠯ ᠤᠯᠤᠰ ᠲᠦᠷᠦ ᠶᠢᠨ ᠢᠲᠡᠭᠡᠯᠴᠡᠭᠡ ᠶᠢ ᠪᠠᠷᠢᠮᠲᠠᠯᠠᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠪᠠᠷᠢᠮᠲᠠᠯᠠᠬᠤ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠬᠤ ᠵᠡᠷᠭᠡ ᠪᠣᠯᠤᠨ᠎ᠠ᠃ ᠡᠨᠡ 5 ᠲᠠᠯ᠎ᠠ ᠶᠢᠨ ᠲᠤᠷᠰᠢᠯᠭ᠎ᠠ ᠨᠢ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭᠲᠠᠢ᠂ ᠡᠷᠬᠡ ᠲᠡᠭᠰᠢ᠂ ᠵᠥᠪᠳᠡᠯᠴᠡᠬᠦ᠂ ᠤᠯᠠᠨ ᠶᠠᠩᠵᠤ ᠶᠢᠨ ᠪᠣᠯᠪᠠᠰᠤᠨ ᠢ ᠬᠦᠨᠳᠦᠳᠭᠡᠬᠦ᠂ ᠬᠠᠮᠲᠤ ᠶᠢᠨ ᠬᠥᠭᠵᠢᠯᠲᠡ ᠶᠢ ᠡᠷᠢᠯᠬᠢᠯᠡᠬᠦ ︽ᠱᠠᠩᠬᠠᠢ ᠶᠢᠨ ᠵᠣᠷᠢᠭ ᠰᠠᠨᠠᠭ᠎ᠠ︾ ᠶᠢ ᠭᠦᠢᠴᠡᠳ ᠢᠯᠡᠷᠡᠭᠦᠯᠪᠡ᠃ ︽ᠱᠠᠩᠬᠠᠢ ᠶᠢᠨ ᠵᠣᠷᠢᠭ ᠰᠠᠨᠠᠭ᠎ᠠ︾ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠨ ᠪᠤᠵᠠᠭᠠᠶᠢᠷᠠᠬᠤ ᠠᠮᠢᠵᠢᠷᠠᠯ ᠤᠨ ᠬᠦᠴᠦᠨ ᠮᠥᠨ᠂ ᠨᠡᠩ ᠴᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠦᠨᠳᠦᠰᠦᠨ ᠵᠢᠷᠤᠮᠯᠠᠯ ᠮᠥᠨ ᠭᠡᠳᠡᠭ ᠢ ᠦᠢᠯᠡᠳᠦᠯᠭᠡ ᠭᠡᠷᠡᠴᠢᠯᠡᠪᠡ᠃ ᠥᠩᠭᠡᠷᠡᠭᠰᠡᠨ ᠳᠤ ᠪᠢᠳᠡ ︽ᠱᠠᠩᠬᠠᠢ ᠶᠢᠨ ᠵᠣᠷᠢᠭ ᠰᠠᠨᠠᠭ᠎ᠠ︾ ᠶᠢ ᠦᠢᠯᠡᠳᠦᠯᠭᠡᠵᠢᠭᠦᠯᠦᠭᠡᠳ ᠯᠤᠲᠤ ᠶᠡᠭᠡ ᠠᠮᠵᠢᠯᠲᠠ ᠣᠯᠵᠠᠢ᠂ ᠢᠷᠡᠭᠡᠳᠦᠢ ᠳᠤ ᠪᠢᠳᠡ ᠪᠠᠰᠠ ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠷᠢᠮᠲᠠᠯᠠᠨ ᠤᠷᠤᠭᠰᠢᠯᠠᠶ᠎ᠡ ᠬᠡᠵᠥ ᠵᠢᠭᠠᠵᠥ ᠭᠠᠷᠭᠠᠪᠠ᠃       ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠠᠭ ᠲᠦᠷᠭᠡᠨ ᠬᠥᠨᠵᠡᠭᠡᠶᠢᠷᠡᠵᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠬᠥᠮᠦᠨ ᠲᠥᠷᠥᠯᠬᠢᠲᠡᠨ ᠤ ᠨᠡᠶᠢᠭᠡᠮ ᠶᠠᠭ ᠲᠣᠨᠣᠯᠵᠢᠨ ᠵᠠᠮ ᠳᠤ ᠵᠣᠭᠰᠣᠵᠤ᠂ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠰᠢᠨ᠎ᠡ ᠪᠠᠶᠢᠳᠠᠯ ᠳᠣᠣᠷ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠴᠢᠬᠤᠯᠠ ᠪᠦᠲᠦᠭᠡᠯᠴᠢ ᠴᠢᠨᠠᠷᠲᠠᠢ ᠬᠦᠴᠦᠨ ᠪᠣᠯᠤᠭᠰᠠᠨ ᠤ ᠬᠤᠪᠢ ᠳᠤ᠂ ᠳᠡᠯᠡᠬᠡᠢ ᠶᠢᠨ ᠤᠷᠪᠠᠭᠠᠨ ᠬᠥᠷᠪᠡᠭᠡᠨ ᠳᠤ ᠵᠣᠷᠢᠭᠲᠠᠢ ᠬᠠᠨᠳᠤᠵᠤ᠂ ᠴᠠᠭ ᠦᠶ᠎ᠡ ᠶᠢᠨ ᠤᠷᠤᠰᠬᠠᠯ ᠢ ᠪᠠᠲᠤ ᠡᠵᠡᠮᠳᠡᠵᠦ᠂ ᠪᠦᠯᠬᠦᠮᠳᠡᠯ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠨᠡᠩ ᠨᠢᠭᠲᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠴᠢᠬᠤᠯᠠᠳᠠᠢ᠃      ᠨᠢᠭᠡᠳᠦᠭᠡᠷ ᠲᠤ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠣᠶᠢᠯᠠᠭᠠᠯᠴᠠᠭ᠎ᠠ ᠪᠠ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠠᠮᠤᠷ ᠲᠦᠪᠰᠢᠨ ᠢ ᠬᠠᠮᠠᠭᠠᠯᠠᠬᠤ ᠪᠠ ᠬᠥᠭᠵᠢᠯᠲᠡ ᠶᠢᠨ ᠠᠰᠢᠭ ᠲᠤᠰᠠ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ᠂ ᠶᠠᠮᠠᠷᠪᠠ ᠰᠢᠯᠲᠠᠭ ᠢᠶᠠᠷ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠬᠠᠮᠲᠤ ᠪᠠᠷ ᠡᠰᠡᠷᠭᠦᠴᠡᠵᠦ᠂ ᠲᠤᠰ ᠤᠯᠤᠰ ᠤᠨ ᠢᠶᠠᠨ ᠢᠷᠡᠭᠡᠳᠦᠢ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠳᠡᠢ᠃      ᠬᠤᠶᠠᠳᠤᠭᠠᠷ ᠲᠤ᠂ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠥᠷᠭᠡᠳᠭᠡᠶ᠎ᠠ᠃ ᠡᠯ᠎ᠡ ᠲᠠᠯ᠎ᠠ ᠶᠢᠨ ᠬᠢᠨ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠬᠠᠮᠲᠤ ᠪᠠᠷ ᠣᠷᠣᠯᠴᠠᠵᠤ᠂ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠠᠮᠤᠷ ᠲᠦᠪᠰᠢᠨ ᠤ ᠪᠦᠲᠦᠴᠡ ᠶᠢ ᠪᠠᠶᠢᠭᠤᠯᠬᠤ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ︽ᠭᠤᠷᠪᠠᠨ ᠵᠦᠢᠯ ᠤᠨ ᠬᠦᠴᠦᠨ︾᠂ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠬᠤ᠂ ᠰᠦᠯᠵᠢᠶ᠎ᠡ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳ᠋ᠠᠶᠢᠲ᠋ᠠ ᠶᠢᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠰᠠᠨᠰᠠᠷ ᠣᠭᠲᠠᠷᠭᠤᠢ ᠶᠢᠨ ᠠᠮᠤᠷ ᠲᠦᠪᠰᠢᠨ ᠵᠡᠷᠭᠡ ᠤᠯᠠᠮᠵᠢᠯᠠᠯᠲᠤ ᠪᠤᠰᠤ ᠠᠮᠤᠷ ᠲᠦᠪᠰᠢᠨ ᠤ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠶ᠎ᠠ᠃ ᠳᠤᠮᠳᠠᠳᠤ ᠤᠯᠤᠰ ᠳᠤᠷᠠᠲᠠᠶ᠎ᠠ ᠢᠷᠡᠭᠡᠳᠦᠢ ᠶᠢᠨ 5 ᠵᠢᠯ ᠳᠤ ᠪᠦᠷᠢᠯᠳᠦᠬᠦᠨ ᠤᠯᠤᠰ ᠲᠤ 2000 ᠬᠠᠤᠯᠢ ᠬᠡᠷᠡᠭᠵᠢᠭᠦᠯᠬᠦ ᠠᠵᠢᠯᠳᠠᠨ ᠢ ᠪᠣᠯᠪᠠᠰᠤᠷᠠᠭᠤᠯᠵᠤ᠂ ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠦᠷᠳᠡᠭᠦᠯᠦᠯ ᠢ ᠡᠰᠡᠷᠭᠦᠴᠡᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠢ ᠪᠠᠶᠢᠭᠤᠯᠵᠤ᠂ ᠡᠯ᠎ᠡ ᠲᠠᠯ᠎ᠠ ᠶᠢᠨ ᠬᠢᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠭᠤᠷᠪᠠᠳᠤᠭᠠᠷ ᠲᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠲᠤᠰ ᠭᠠᠵᠠᠷ ᠣᠷᠣᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠤᠯᠤᠰ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠠᠴᠠ ᠪᠠᠲᠤᠯᠠᠭᠰᠠᠨ ᠤᠯᠠᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠢᠯᠡᠷᠬᠡᠶᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠳᠤᠮᠳᠠᠳᠤ ᠤᠯᠤᠰ ᠬᠡᠷᠡᠭᠴᠡᠭᠡ ᠲᠠᠢ ᠬᠥᠭᠵᠢᠵᠦ ᠪᠠᠶᠢᠭ᠎ᠠ ᠤᠯᠤᠰ ᠲᠤ 15 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠦᠷᠳᠡᠭ ᠪᠦᠬᠦᠢ ᠠᠮᠤ ᠪᠤᠳᠠᠭ᠎ᠠ ᠵᠡᠷᠭᠡ ᠪᠠᠴᠢᠮ ᠬᠥᠮᠦᠯᠢᠭ ᠦᠵᠡᠯ ᠤᠨ ᠲᠤᠰᠠᠯᠠᠮᠵᠢ ᠬᠠᠩᠭᠠᠨ᠎ᠠ᠃ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠩᠭᠠᠯᠭ᠎ᠠ ᠶᠢᠨ ᠬᠡᠯᠬᠢᠶ᠎ᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠭᠠᠵᠠᠷ ᠣᠷᠣᠨ ᠤ ᠬᠠᠮᠲᠤᠷᠠᠯᠴᠠᠭᠠᠨ ᠤ ᠰᠠᠨᠠᠭᠠᠴᠢᠯᠠᠭ᠎ᠠ ᠲᠠᠢ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠬᠤ ᠬᠡᠷᠡᠭᠳᠡᠢ᠃ ᠳᠤᠮᠳᠠᠳᠤ ᠤᠯᠤᠰ ᠢᠷᠡᠬᠦ ᠵᠢᠯ ᠲᠤᠰ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠬᠠᠮᠲᠤᠷᠠᠯᠴᠠᠭᠠᠨ ᠤ ᠰᠠᠶᠢᠳ ᠨᠠᠷ ᠤᠨ ᠠᠭᠤᠯᠵᠠᠯᠲᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠷᠢᠶᠠᠨ ᠤ ᠲᠠᠪᠴᠠᠩ ᠢ ᠡᠷᠬᠢᠯᠡᠵᠦ᠂ ᠳᠤᠮᠳᠠᠳᠤ ᠤᠯᠤᠰ — ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠮᠤ ᠳ᠋ᠠᠶᠢᠲ᠋ᠠ ᠶᠢᠨ ᠬᠠᠮᠲᠤᠷᠠᠯᠴᠠᠭᠠᠨ ᠤ ᠲᠥᠪ ᠢ ᠪᠠᠶᠢᠭᠤᠯᠵᠤ᠂ ᠬᠠᠮᠲᠤ ᠪᠠᠷ ᠬᠥᠭᠵᠢᠬᠦ ᠰᠢᠨ᠎ᠡ ᠬᠥᠳᠡᠯᠭᠡᠭᠦᠷ ᠢ ᠴᠣᠭᠴᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠰᠠᠨᠰᠠᠷ ᠤᠨ ᠠᠶᠠᠯᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠲᠠᠯ᠎ᠠ ᠶᠢᠨ ᠲᠠᠷᠢᠶᠠᠯᠠᠩ ᠤᠨ ᠬᠥᠭᠵᠢᠯᠲᠡ᠂ ᠬᠤᠯᠪᠣᠯᠳᠤᠨ ᠨᠡᠪᠲᠡᠷᠡᠯᠴᠡᠬᠦ ᠪᠥᠲᠥᠭᠡᠨ ᠪᠠᠶᠢᠭᠤᠯᠤᠯᠲᠠ᠂ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠵᠡᠷᠭᠡ ᠠᠵᠢᠯ ᠦᠶ᠋ᠯᠡᠰ ᠢ ᠳᠡᠮᠵᠢᠨ᠎ᠡ᠃       ᠳᠥᠷᠪᠡᠳᠦᠭᠡᠷ ᠲᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠶ᠎ᠠ᠃ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠵᠠᠭᠤᠴᠢᠯᠠᠭᠤᠷ᠂ ᠷᠠᠳᠢᠣ᠋ ᠲᠧᠯᠸᠢᠰ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠯᠠᠭᠤᠴᠤᠳ ᠤᠨ ᠰᠣᠯᠢᠯᠴᠠᠭᠠᠨ ᠤ ᠬᠤᠸᠠᠷᠠᠨ᠂ ᠡᠮᠡᠭᠲᠡᠶᠢᠴᠦᠳ ᠤᠨ ᠶᠠᠷᠢᠶᠠᠨ ᠤ ᠲᠠᠪᠴᠠᠩ᠂ ᠠᠷᠠᠳ ᠤᠨ ᠬᠤᠭᠤᠷᠤᠨᠳᠤᠬᠢ ᠨᠥᠬᠦᠷᠰᠡᠭ ᠶᠠᠷᠢᠶᠠᠨ ᠤ ᠲᠠᠪᠴᠠᠩ᠂ ᠤᠯᠠᠮᠵᠢᠯᠠᠯᠲᠤ ᠠᠨᠠᠭᠠᠬᠤ ᠤᠬᠠᠭᠠᠨ ᠤ ᠶᠠᠷᠢᠶᠠᠨ ᠤ ᠲᠠᠪᠴᠠᠩ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠵᠥᠪᠯᠡᠯ ᠵᠡᠷᠭᠡ ᠠᠷᠠᠳ ᠤᠨ ᠬᠤᠭᠤᠷᠤᠨᠳᠤᠬᠢ ᠪᠠᠶᠢᠭᠤᠯᠤᠮᠵᠢ ᠶᠢᠨ ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠬᠦ ᠬᠡᠷᠡᠭᠳᠡᠢ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ — ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠢᠷᠡᠬᠦ ᠵᠢᠯ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠬᠢᠭᠡᠳ ᠦᠷᠭᠦᠯᠵᠢᠯᠡᠬᠦ ᠬᠥᠭᠵᠢᠯᠲᠡ ᠶᠢᠨ ᠶᠠᠷᠢᠶᠠᠨ ᠤ ᠲᠠᠪᠴᠠᠩ᠂ ᠨᠥᠬᠦᠷᠰᠡᠭ ᠬᠤᠲᠠ ᠶᠢᠨ ᠶᠠᠷᠢᠶᠠᠨ ᠤ ᠲᠠᠪᠴᠠᠩ ᠢ ᠡᠷᠭᠢᠯᠡᠵᠦ᠂ ᠢᠷᠡᠬᠦ 3 ᠵᠢᠯ ᠳᠤ ᠲᠣᠰ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠠᠷᠠᠳ ᠣᠯᠠᠨ ᠳᠤ ᠰᠦᠶ᠋ᠳᠭᠡᠯ ᠬᠤᠷᠢᠶᠠᠬᠤ ᠥᠬᠡᠶ ᠪᠠᠷ 2000 ᠴᠠᠭᠠᠨ ᠬᠠᠷᠠᠩ ᠤᠨ ᠮᠡᠰᠡ ᠵᠠᠰᠠᠯ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠣᠯᠪᠠᠰᠤᠷᠠᠯ ᠤᠨ 5000 ᠣᠷᠣᠨ ᠲᠤᠭ᠎ᠠ ᠬᠠᠩᠭᠠᠨ᠎ᠠ᠃       ᠲᠠᠪᠤᠳᠤᠭᠠᠷ ᠲᠤ᠂ ᠤᠯᠠᠨ ᠲᠠᠯᠠᠲᠤ ᠦᠵᠡᠯ ᠢ ᠪᠠᠷᠢᠮᠲᠠᠯᠠᠶ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠤᠭᠳᠤ ᠡᠪᠰᠡᠬᠦ ᠦᠭᠡᠢ ᠲᠡᠮᠡᠴᠡᠭᠡᠨ ᠪᠠ ᠪᠦᠯᠦᠭᠯᠡᠯ ᠤᠨ ᠤᠯᠤᠰ ᠲᠦᠷᠦ ᠶᠢ ᠲᠠᠶᠠᠭᠳᠠᠬᠤ ᠬᠡᠷᠡᠭᠳᠡᠢ᠃ ᠲᠤᠰ ᠵᠣᠬᠢᠶᠠᠨ ᠪᠠᠶᠢᠭᠤᠯᠤᠯᠲᠠ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠤᠯᠤᠰ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠶᠠᠪᠤᠯᠴᠠᠭ᠎ᠠ ᠶᠢ ᠥᠷᠭᠡᠳᠭᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠨ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠭᠠᠷ ᠬᠤᠯᠪᠣᠨ ᠠᠬᠢᠭᠤᠯᠬᠤ ᠬᠡᠷᠡᠭᠳᠡᠢ ᠭᠡᠵᠥ ᠴᠢᠬᠤᠯᠠᠴᠢᠯᠠᠪᠠ᠃       ᠰᠢ ᠶᠢᠨ ᠫᠢᠩ᠂ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ ᠬᠠᠮᠠᠭᠠᠯᠠᠬᠤ ᠪᠣᠯ ᠲᠤᠰ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠭᠦᠨ ᠤ ᠲᠥᠯᠥᠭᠡ ᠴᠢᠬᠤᠯᠠ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠲᠤᠰ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢᠶᠠᠨ ᠬᠥᠭᠵᠢᠭᠦᠯᠦᠨ ᠥᠷᠭᠡᠳᠭᠡᠬᠦ᠂ ᠲᠤᠰ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ ᠨᠥᠯᠥᠭᠡ ᠶᠢ ᠪᠠᠳᠠᠷᠠᠭᠤᠯᠬᠤ ᠶᠢ ᠠᠬᠢᠭᠤᠯᠬᠤ ᠨᠢ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠵᠢᠴᠢ ᠳᠡᠯᠡᠬᠡᠢ ᠶᠢᠨ ᠥᠨᠢ ᠤᠳᠠᠭᠠᠨ ᠤ ᠡᠩᠬᠡ ᠲᠠᠶᠢᠪᠤᠩ ᠪᠠ ᠬᠠᠮᠲᠤ ᠶᠢᠨ ᠴᠡᠴᠡᠭᠯᠡᠯ ᠬᠥᠭᠵᠢᠯ ᠳᠤ ᠢᠳᠡᠪᠬᠢ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠢ ᠡᠭᠦᠳᠬᠦ ᠪᠤᠯᠤᠨ᠎ᠠ᠃ ᠳᠤᠮᠳᠠᠳᠤ ᠤᠯᠤᠰ ᠪᠦᠷᠢᠯᠳᠦᠬᠦᠨ ᠤᠯᠤᠰ ᠢ ᠥᠷᠭᠡᠳᠭᠡᠬᠦ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠢᠵᠦ᠂ ᠠᠵᠠ ᠲᠣᠬᠢᠶᠠᠯ ᠢ ᠡᠵᠡᠮᠳᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠬᠤ ᠶᠢ ᠳᠡᠮᠵᠢᠨ᠎ᠡ ᠭᠡᠵᠦ ᠴᠢᠬᠤᠯᠠᠴᠢᠯᠠᠪᠠ᠃       ᠰᠢ ᠶᠢᠨ ᠫᠢᠩ᠂ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠭᠰᠠᠨ ᠪᠥᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠴᠤ ᠬᠠᠮᠤᠭ ᠤᠨ ᠶᠡᠭᠡ ᠬᠡᠮᠵᠢᠶ᠎ᠡ ᠪᠠᠷ ᠲᠣᠭᠲᠠᠪᠤᠷᠢᠵᠢᠭᠤᠯᠪᠠ᠃ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠭᠦᠢᠴᠡᠳ᠂ ᠪᠣᠯᠤᠮᠵᠢ ᠥᠷᠭᠡᠨ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ ᠪᠠᠶᠢᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠪᠤᠷᠢᠵᠢᠨ ᠰᠡᠷᠭᠦᠬᠦ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠬᠠᠩᠭᠠᠵᠤ᠂ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠬᠤ ᠪᠣᠯᠤᠨ᠎ᠠ᠃ ᠪᠠᠰᠠ ᠨᠢᠭᠡ ᠰᠠᠷ᠎ᠠ ᠶᠢᠨ ᠳᠠᠷᠠᠭ᠎ᠠ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠳᠤᠮᠳᠠᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠲᠠᠯ᠎ᠠ ᠪᠠᠷ ᠡᠵᠡᠮᠳᠡᠵᠦ᠂ ᠠᠵᠢᠯᠯᠠᠭᠠᠨ ᠤ ᠬᠥᠲᠥᠯᠪᠦᠷᠢ ᠪᠣᠯᠤᠨ ᠦᠨᠳᠦᠰᠦᠨ ᠪᠤᠳᠤᠯᠭ᠎ᠠ ᠴᠢᠭᠯᠡᠯᠲᠡ ᠶᠢ ᠲᠣᠭᠲᠠᠭᠠᠬᠤ ᠪᠤᠯᠤᠨ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠣᠯᠭᠤᠵᠤ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠪᠤᠯᠤᠨ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃       ᠰᠢ ᠶᠢᠨ ᠫᠢᠩ ᠬᠠᠮᠤᠭ ᠰᠡᠭᠦᠯ ᠳᠤ᠂ ᠵᠠᠮ ᠬᠡᠳᠦᠢ ᠬᠤᠯᠠ ᠪᠣᠯᠪᠠᠴᠤ ᠶᠠᠪᠤᠪᠠᠰᠤ ᠬᠦᠷᠦᠮᠤᠢ᠃ ᠪᠢᠳᠡ ︽ᠱᠠᠩᠬᠠᠢ ᠶᠢᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠡᠩᠬᠡ ᠲᠠᠶᠢᠪᠤᠩ᠂ ᠲᠣᠭᠲᠠᠭᠤᠨ᠂ ᠴᠡᠴᠡᠭᠯᠡᠨ ᠬᠥᠭᠵᠢᠭᠰᠡᠨ᠂ ᠦᠵᠡᠰᠭᠦᠯᠡᠩᠲᠦ ᠰᠠᠶᠢᠬᠠᠨ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠶ᠎ᠠ ᠭᠡᠵᠦ ᠴᠢᠬᠤᠯᠠᠴᠢᠯᠠᠪᠠ᠃       ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠰᠠᠮᠠᠷᠺᠠᠨᠳ᠋ ᠤᠨ ᠲᠤᠩᠬᠠᠭ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠨᠡᠶᠢᠲᠡᠯᠡᠪᠡ᠃ ᠬᠤᠷᠠᠯ ᠠᠴᠠ ᠣᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠣᠯᠠᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠣᠯᠠᠨ ᠡᠰᠢᠵᠢᠯ ᠢ ᠬᠠᠮᠠᠭᠠᠯᠠᠬᠤ ᠵᠡᠷᠭᠡ ᠣᠯᠠᠨ ᠬᠤᠪᠢ ᠢᠯᠡᠷᠬᠡᠶᠢᠯᠡᠯᠲᠡ ᠪᠠ ᠪᠢᠴᠢᠭ ᠮᠠᠲ᠋ᠧᠷᠢᠶᠠᠯ ᠨᠡᠶᠢᠲᠡᠯᠡᠵᠦ᠂ ᠢᠷᠠᠨ ᠤ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠡᠭᠦᠷᠭᠡ ᠶᠢᠨ ᠲᠤᠬᠠᠶ ᠰᠠᠨᠠᠭᠤᠯᠤᠮᠵᠢ ᠳᠤ ᠭᠠᠷ ᠤᠨ ᠥᠰᠥᠭ ᠵᠢᠷᠤᠵᠤ᠂ ᠪᠧᠯᠤᠷᠦ᠋ᠰᠢᠶ᠎ᠡ ᠢ ᠪᠦᠷᠢᠯᠳᠦᠬᠦᠨ ᠤᠯᠤᠰ ᠪᠣᠯᠭᠠᠬᠤ ᠵᠢᠷᠤᠮ ᠢ ᠡᠬᠢᠯᠡᠭᠦᠯᠵᠦ᠂ ᠶᠧᠵᠢᠫᠲ᠂ ᠰᠠᠦ᠋ᠳᠢ ᠠᠷᠠᠪ᠂ ᠺᠠᠲ᠋ᠠᠷ ᠢ ᠵᠥᠪᠰᠢᠶᠡᠷᠡᠵᠦ᠂ ᠪᠠᠷᠸᠢᠢᠨ᠂ ᠮᠠᠯᠳᠠᠶᠢᠹ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ᠂ ᠺᠦᠸᠠᠶᠢᠲ᠂ ᠪᠢᠷᠮᠠ ᠶᠢ ᠶᠠᠷᠢᠯᠴᠠᠭᠠᠨ ᠤ ᠰᠢᠨ᠎ᠡ ᠬᠠᠨᠢᠲᠠᠨ ᠢᠶᠠᠷ ᠵᠥᠪᠰᠢᠶᠡᠷᠡᠵᠦ᠂ ᠪᠦᠷᠢᠯᠳᠦᠬᠦᠨ ᠤᠯᠤᠰ ᠤᠳ ᠤᠨ ᠡᠶᠡᠯᠳᠡᠭ ᠬᠥᠷᠰᠢ ᠶᠢᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠭᠡᠷ᠎ᠡ ᠶᠢᠨ ᠢᠷᠡᠭᠡᠳᠦᠶ ᠶᠢᠨ 5 ᠵᠢᠯ ᠤᠨ ᠬᠡᠷᠡᠭᠵᠢᠭᠦᠯᠬᠦ ᠬᠦᠳᠦᠯᠪᠦᠷᠢ ᠵᠡᠷᠭᠡ ᠠᠯᠢ ᠣᠯᠠᠨ ᠰᠢᠶ᠋ᠳᠪᠦᠷᠢ ᠶᠢ ᠵᠦᠪᠰᠢᠶᠡᠷᠡᠪᠡ᠃ ᠬᠤᠷᠠᠯ ᠠᠴᠠ᠂ ᠡᠨᠡᠳᠭᠡᠭ 2022 ᠣᠨ ᠠᠴᠠ 2023 ᠣᠨ ᠪᠣᠯᠲᠠᠯᠠᠬᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠬᠤ ᠶᠢ ᠲᠣᠭᠲᠠᠭᠠᠪᠠ᠃       ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ ᠨᠡᠷ ᠬᠤᠷᠠᠯ ᠳᠤ ᠣᠷᠣᠯᠴᠠᠵᠠᠢ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ