ᠤᠷᠠᠳ ᠤᠨ ᠡᠮᠦᠨᠡᠲᠦ ᠬᠤᠰᠢᠭᠤ᠄ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/9/2
      ᠣᠳᠣ ᠶᠠᠭ ᠦᠵᠦᠮ ᠪᠣᠯᠪᠠᠰᠤᠷᠠᠬᠤ ᠤᠯᠠᠷᠢᠯ ᠪᠢᠯᠡ᠃ ᠮᠤᠨᠠ ᠠᠭᠤᠯᠠ ᠪᠠᠯᠭᠠᠰᠤᠨ ᠤ ᠭᠤᠤ ᠱᠧᠩ ᠯᠦᠩ ᠠᠮᠢ ᠠᠬᠤᠢ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠦᠯᠡᠮᠵᠢ ᠳᠤ᠂ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ ᠭᠤᠤ ᠱᠧᠩ ᠯᠦᠩ ᠶᠠᠭ ᠲᠠᠷᠢᠶᠠᠯᠠᠩ ᠤᠨ ᠮᠡᠷᠭᠡᠵᠢᠯᠲᠡᠨ  ᠲᠠᠢ ᠦᠵᠦᠮ ᠤᠨ ᠵᠢᠮᠢᠰ ᠤᠨ ᠵᠠᠩᠭᠢᠯᠠᠭ᠎ᠠ ᠶᠢᠨ ᠬᠤᠭᠤᠴᠠᠭᠠᠨ ᠤ ᠮᠡᠷᠭᠡᠵᠢᠯ ᠤᠨ ᠭᠤᠣᠯᠳᠠᠯᠭ᠎ᠠ᠂ ᠬᠠᠮᠢᠶᠠᠷᠤᠯᠲᠠ ᠶᠢᠨ ᠮᠡᠷᠭᠡᠵᠢᠯ ᠵᠡᠷᠭᠡ ᠠᠰᠠᠭᠤᠳᠠᠯ ᠤᠨ ᠲᠤᠬᠠᠢ ᠶᠠᠷᠢᠯᠴᠠᠵᠤ ᠪᠠᠶᠢᠪᠠ᠃       2013 ᠣᠨ ᠳᠤ᠂ ᠠᠩᠬ᠎ᠠ ᠦᠵᠦᠮ ᠳᠠᠷᠢᠬᠤ ᠦᠶ᠎ᠡ ᠳᠤ᠂ ᠭᠤᠤ ᠱᠧᠩ ᠯᠦᠩ ᠲᠤᠷᠰᠢᠯᠭ᠎ᠠ ᠮᠡᠬᠦᠰ ᠠᠴᠠ ᠪᠣᠯᠵᠣ ᠮᠤᠷᠤᠶ ᠵᠠᠮ ᠢᠶᠠᠷ ᠴᠥᠭᠡᠨ ᠪᠣᠰᠤ ᠶᠠᠪᠤᠵᠤ᠂ ᠵᠢᠮᠢᠰ ᠡᠯᠭᠦᠭᠰᠡᠨ ᠨᠢ ᠪᠠᠭ᠎ᠠ᠂ ᠤᠷᠭᠤᠴᠠ ᠨᠢ ᠴᠦ ᠰᠠᠶᠢᠨ ᠪᠢᠰᠢ ᠪᠠᠶᠢᠵᠤ᠂ ᠬᠡᠳᠦᠨ ᠵᠢᠯ ᠳᠠᠷᠠᠭᠠᠯᠠᠨ ᠲᠤᠷᠰᠢᠭᠰᠠᠨ ᠦᠷ᠎ᠡ ᠪᠦᠲᠦᠮᠵᠢ ᠨᠢ ᠮᠥᠨ ᠯᠡ ᠲᠡᠶᠢᠮᠦ ᠬᠠᠨᠤᠮᠵᠢᠲᠠᠶ ᠪᠢᠰᠢ ᠪᠠᠶᠢᠪᠠ᠃ 2018 ᠣᠨ ᠳᠤ᠂ ᠭᠤᠤ ᠱᠧᠩ ᠯᠦᠩ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠷᠠᠳᠢᠣ᠋ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠤᠨ ᠠᠩᠭᠢ ᠳᠤ ᠨᠡᠷ᠎ᠡ ᠮᠡᠳᠡᠭᠦᠯᠵᠦ᠂ ᠰᠢᠰᠲ᠋ᠧᠮ ᠲᠠᠢ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠰᠤᠷᠤᠯᠴᠠᠯᠭ᠎ᠠ ᠪᠠᠷ ᠳᠠᠮᠵᠢᠨ᠂ ︽ᠬᠠᠭᠤᠴᠢᠨ ᠦᠵᠡᠯᠲᠡ︾ ᠲᠠᠢ ᠭᠤᠤ ᠱᠧᠩ ᠯᠦᠩ ᠢ ︽ᠰᠢᠨ᠎ᠡ ᠠᠷᠭ᠎ᠠ︾ ᠲᠠᠢ ᠪᠣᠯᠭᠠᠵᠠᠢ᠃      ︽ᠪᠠᠭᠰᠢ ᠶᠢ ᠤᠷᠢᠵᠤ ᠬᠢᠴᠢᠶᠡᠯ ᠣᠷᠣᠭᠤᠯᠬᠤ ᠪᠠᠷ ᠳᠠᠮᠵᠢᠨ᠂ ᠪᠢᠳᠡᠨ ᠳᠤ ᠰᠢᠨᠵᠢᠯᠡᠬᠦ ᠤᠬᠠᠭᠠᠨ ᠤ ᠮᠡᠷᠭᠡᠵᠢᠯ ᠪᠠ ᠣᠶᠢᠯᠠᠭᠠᠭᠳᠠᠬᠤᠨ ᠢ ᠡᠵᠡᠮᠰᠢᠭᠦᠯᠪᠡ᠃ ᠳᠠᠷᠠᠭ᠎ᠠ ᠨᠢ᠂ ᠭᠠᠳᠠᠭᠰᠢ ᠭᠠᠷᠴᠤ ᠪᠠᠶᠢᠴᠠᠭᠠᠨ ᠦᠵᠡᠬᠦ ᠪᠠᠷ ᠳᠠᠮᠵᠢᠨ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠪᠡ᠃ ᠤᠤᠯ ᠨᠢ ᠪᠠᠭ᠎ᠠ ᠰᠠᠭ᠎ᠠ ᠡᠷᠡᠭᠡᠯᠵᠡᠭᠡ ᠲᠠᠢ ᠪᠠᠶᠢᠵᠤ᠂ ᠡᠭᠦᠨ ᠠᠴᠠ ᠠᠶᠤᠲᠠᠯ᠎ᠠ ᠲᠡᠭᠦᠨ ᠠᠴᠠ ᠵᠢᠷᠦᠬᠡᠰᠢᠶᠡᠵᠦ᠂ ᠶᠡᠭᠡ ᠬᠢᠵᠦ ᠴᠢᠳᠠᠬᠤ ᠦᠭᠡᠢ᠂ ᠬᠦᠴᠦᠷᠬᠡᠭ ᠬᠢᠵᠦ ᠴᠢᠳᠠᠬᠤ ᠦᠭᠡᠢ ᠪᠠᠶᠢᠪᠠ᠃ ᠣᠳᠣ ᠶᠢᠨ ᠪᠤᠳᠤᠯ ᠪᠣᠯᠤᠨ ᠬᠢᠳᠡᠯ ᠪᠦᠷ ᠠᠳᠠᠯᠢ ᠦᠭᠡᠢ ᠪᠣᠯᠵᠠᠶ ︾ ᠭᠡᠵᠦ ᠭᠤᠤ ᠱᠧᠩ ᠯᠦᠩ ᠢᠲᠡᠭᠡᠯ ᠳᠦᠭᠦᠷᠡᠩ ᠬᠡᠯᠡᠨ᠎ᠡ᠃ ᠣᠳᠣᠬᠠᠨ ᠳᠤ ᠥᠪᠡᠷ ᠤᠨ ᠲᠠᠷᠢᠮᠠᠯ ᠤᠨ ᠮᠡᠷᠭᠡᠵᠢᠯ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠤᠭᠰᠠᠨ ᠢᠶᠠᠷ ᠪᠠᠷᠠᠬᠤ ᠦᠭᠡᠢ ᠪᠠᠰᠠ ᠴᠥᠭᠡᠨ ᠪᠤᠰᠤ ᠦᠵᠦᠮ ᠲᠠᠷᠢᠬᠤ ᠡᠷᠦᠬᠡ ᠳᠤ ᠮᠡᠷᠭᠡᠵᠢᠯ ᠤᠨ ᠬᠠᠪᠰᠤᠷᠤᠯᠭ᠎ᠠ ᠬᠠᠩᠭᠠᠵᠤ᠂ ᠳᠠᠷᠠᠭᠠᠴᠢ ᠶᠢᠨ ᠠᠯᠬᠤᠮ ᠳᠤ ᠥᠪᠡᠷ ᠤᠨ ᠦᠵᠦᠮ ᠤᠨ ᠰᠢᠬᠢᠷ ᠤᠨ ᠠᠵᠤ ᠦᠢᠯᠡᠰ ᠢᠶᠠᠨ ᠰᠠᠶᠢᠲᠤᠷ ᠬᠢᠵᠦ ᠬᠦᠴᠦᠷᠬᠡᠭᠵᠢᠭᠦᠯᠦᠨ᠂ ᠡᠷᠬᠢᠨ ᠲᠣᠭᠤᠷᠢᠨ ᠤ ᠤᠯᠠᠨ ᠲᠦᠮᠡᠨ ᠢ ᠳᠠᠭᠠᠭᠤᠯᠤᠨ ᠪᠠᠶᠠᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠬᠥᠮᠦᠨ ᠳᠤ ᠪᠤᠢ᠃ ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠨᠢ ᠥᠨᠳᠥᠷ ᠬᠡᠪ ᠴᠢᠨᠠᠷ ᠪᠥᠬᠦᠶ ᠲᠠᠷᠢᠶᠠᠴᠢᠳ ᠢ ᠪᠣᠯᠪᠠᠰᠤᠷᠠᠭᠤᠯᠬᠤ ᠵᠥᠭᠡᠯᠡᠨ ᠪᠣᠳᠠᠲᠤ ᠬᠦᠴᠦᠨ ᠢ ᠲᠠᠷᠢᠶᠠᠯᠠᠩ ᠤᠨ ᠠᠵᠤ  ᠦᠢᠯᠡᠰ ᠤᠨ ᠬᠥᠭᠵᠢᠯᠲᠡ ᠶᠢᠨ ᠪᠠᠲᠤ ᠲᠤᠯᠭᠠᠭᠤᠷᠢᠯᠠᠯ ᠪᠣᠯᠭᠠᠵᠤ᠂ ᠰᠢᠨ᠎ᠡ ᠬᠡᠯᠪᠡᠷᠢ ᠶᠢᠨ ᠥᠨᠳᠥᠷ ᠬᠡᠪ ᠴᠢᠨᠠᠷ ᠪᠥᠬᠦᠶ ᠲᠠᠷᠢᠶᠠᠴᠢᠳ ᠢ ᠬᠥᠮᠦᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠥᠷᠨᠢᠭᠦᠯᠪᠡ᠃ 2014 ᠣᠨ ᠠᠴᠠ ᠡᠬᠢᠯᠡᠨ᠂ ᠪᠥᠬᠦ ᠬᠤᠰᠢᠭᠤ ᠨᠢ ᠬᠤᠰᠢᠭᠤ ᠱᠠᠲᠤᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠯ ᠤᠨ ᠰᠠᠭᠤᠷᠢᠨ ᠭᠠᠵᠠᠷ 19 ᠶᠢ ᠪᠠᠶᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠰᠦᠯᠵᠢᠶᠡᠨ ᠳᠡᠭᠡᠷ᠎ᠡ ᠰᠤᠷᠤᠯᠴᠠᠬᠤ᠂ ᠭᠠᠳᠠᠭᠰᠢ ᠭᠠᠷᠴᠤ ᠰᠣᠯᠢᠯᠴᠠᠬᠤ᠂ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ ᠵᠡᠷᠭᠡ ᠶᠢ ᠬᠡᠷᠡᠭᠯᠡᠨ᠂ ᠬᠦᠷᠢᠶᠡᠯᠡᠩ ᠲᠣᠭᠤᠷᠢᠭ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠤᠰᠬᠠᠶ ᠬᠤᠷᠰᠢᠶᠠᠵᠢᠯ᠂ ᠮᠡᠷᠭᠡᠵᠢᠯ ᠤᠨ ᠴᠢᠳᠠᠪᠤᠷᠢᠲᠠᠨ ᠪᠠ ᠬᠥᠳᠡᠭᠡ ᠲᠣᠰᠬᠤᠨ ᠤ ᠨᠤᠲᠤᠭ ᠤᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠠᠵᠢᠯ ᠮᠡᠷᠭᠡᠵᠢᠯ ᠤᠨ ᠲᠠᠷᠢᠶᠠᠴᠢᠨ ᠢ ᠬᠠᠪᠰᠤᠷᠤᠨ ᠵᠢᠯᠣᠭᠤᠳᠬᠤ ᠪᠦᠯᠬᠦᠮ ᠨᠡᠶᠢᠲᠡ᠂ ᠨᠠᠷᠢᠯᠢᠭ ᠣᠨᠣᠪᠴᠢᠲᠠᠶ ᠮᠡᠷᠭᠡᠵᠢᠯ ᠢᠶᠠᠷ ᠬᠠᠪᠰᠤᠷᠤᠨ ᠵᠢᠯᠣᠭᠤᠳᠬᠤ  ᠦᠢᠯᠡᠴᠢᠯᠡᠭᠡ ᠥᠷᠨᠢᠭᠦᠯᠬᠦ ᠵᠡᠷᠭᠡ ᠰᠢᠷᠢᠰ ᠪᠣᠯᠪᠠᠰᠤᠷᠠᠯ ᠤᠨ ᠵᠠᠭᠪᠤᠷ ᠢ ᠬᠡᠷᠡᠭᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠪᠠ᠃       ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠵᠠᠬᠢᠷᠤᠯ ᠬᠤᠤ ᠰᠢᠶᠠ ᠲᠠᠨᠢᠯᠴᠠᠭᠤᠯᠬᠤ ᠳᠠᠭᠠᠨ᠂ ᠰᠤᠷᠭᠠᠭᠤᠯᠢ ᠨᠢ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠢ ᠬᠥᠮᠦᠵᠢᠭᠦᠯᠬᠦ ᠲᠣᠭᠲᠠᠮᠠᠯ ᠬᠢᠴᠢᠶᠡᠯ ᠤᠨ ᠲᠠᠩᠬᠢᠮ᠂ ᠰᠢᠯᠵᠢᠮᠡᠯ ᠬᠢᠴᠢᠶᠡᠯ ᠤᠨ ᠲᠠᠩᠬᠢᠮ᠂ ᠲᠠᠷᠢᠶᠠᠨ ᠳᠤᠮᠳᠠᠬᠢ ᠬᠢᠴᠢᠶᠡᠯ ᠤᠨ ᠲᠠᠩᠬᠢᠮ᠂ ᠠᠭᠠᠷ ᠲᠠᠬᠢ ᠬᠢᠴᠢᠶᠡᠯ ᠤᠨ ᠲᠠᠩᠬᠢᠮ᠂ ᠰᠤᠷᠤᠯᠴᠠᠯᠭ᠎ᠠ᠂ ᠬᠠᠮᠲᠤᠷᠠᠯᠴᠠᠭ᠎ᠠ᠂ ᠦᠢᠯᠡᠳᠦᠯᠡᠭᠡ ᠪᠠᠷ ᠳᠡᠮᠵᠢᠨ ᠲᠡᠳᠡᠨ ᠢ ᠬᠠᠷᠠᠭ᠎ᠠ ᠪᠠᠨ ᠥᠷᠭᠡᠳᠬᠡᠵᠦ᠂ ᠰᠡᠳᠬᠢᠮᠵᠢ ᠪᠠᠨ ᠥᠷᠭᠡᠳᠬᠡᠨ᠂ ᠰᠥᠰᠥ ᠵᠣᠷᠢᠭ ᠲᠠᠢ ᠪᠣᠯᠭᠠᠵᠤ᠂ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠰᠠᠶᠢᠲᠤᠷ ᠬᠥᠭᠵᠢᠭᠦᠯᠵᠦ᠂ ᠲᠡᠳᠡᠨ ᠢ ᠬᠦᠰᠡᠯ ᠡᠷᠡᠮᠡᠯᠵᠡᠯ ᠲᠠᠢ ᠪᠣᠯᠭᠠᠵᠤ᠂ ᠲᠣᠮᠣ ᠠᠯᠬᠤᠮ ᠢᠶᠠᠷ ᠤᠷᠤᠭᠰᠢᠯᠠᠭᠤᠯᠬᠤ  ᠶᠢ ᠵᠣᠷᠢᠪᠠ᠃ ᠣᠳᠣᠬᠠᠨ ᠳᠤ ᠂ ᠪᠦᠬᠦ ᠬᠤᠰᠢᠭᠤ ᠪᠠᠷ ᠢᠶᠠᠨ ᠥᠨᠳᠥᠷ ᠬᠡᠪ ᠪᠣᠯᠪᠠᠰᠤᠷᠠᠯ ᠲᠠᠢ 3102 ᠲᠠᠷᠢᠶᠠᠴᠢᠨ ᠢ ᠬᠥᠮᠦᠵᠢᠭᠦᠯᠵᠦ᠂ ᠲᠡᠳᠡ ᠨᠠᠷ ᠪᠦᠷ ᠠᠳᠠᠯᠢ ᠪᠤᠰᠤ ᠬᠡᠮᠵᠢᠶᠡᠨ ᠤ ᠬᠤᠪᠢᠷᠠᠯᠲᠠ ᠲᠠᠢ ᠪᠣᠯᠤᠭᠰᠠᠨ ᠪᠠᠶᠢᠨ᠎ᠠ᠃ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠬᠢᠨ ᠪᠠᠰᠠ ᠪᠣᠯᠪᠠᠰᠤᠷᠠᠯ ᠳᠤ ᠣᠷᠣᠯᠴᠠᠭᠰᠠᠨ ᠲᠠᠷᠢᠶᠠᠴᠢᠳ ᠤᠨ ᠥᠪᠡᠷ ᠤᠨ ᠴᠢᠳᠠᠪᠤᠷᠢ ᠪᠠᠨ ᠪᠠᠳᠠᠷᠠᠭᠤᠯᠬᠤ ᠶᠢ ᠢᠳᠡᠪᠬᠢᠲᠡᠶ ᠬᠥᠲᠥᠯᠥᠨ ᠵᠢᠯᠣᠭᠤᠳᠬᠤ ᠶᠢᠨ ᠬᠠᠮᠲᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠯᠠᠮ ᠴᠢᠨᠠᠭᠰᠢᠳᠠ ᠠᠬᠢᠭᠤᠯᠪᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ