ᠸᠠᠩ ᠵᠢᠶᠦ᠋ᠨ ᠵᠢᠶᠧ 2022 ᠣᠨ ᠤ ᠳᠣᠯᠣᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ  ᠬᠤᠷᠠᠯᠳᠣᠪᠠ
ᠨᠡᠶᠢᠲᠡᠯᠡᠭᠰᠡᠨ ᠴᠠᠭ᠄
2022/9/2
      9 ᠰᠠᠷ᠎ᠠ ᠶᠢᠨ 1 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ 2022 ᠣᠨ ᠤ ᠳᠣᠯᠣᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠣᠪᠠ᠃     ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠷᠧᠨ ᠶᠢᠨ ᠮᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠭᠤᠤ ᠯᠸᠢ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠶᠤᠸᠠᠢ ᠶᠢᠩ ᠵᠢᠴᠢ ᠬᠡᠰᠡᠭ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃ 

七次政府常务会1.jpg

    ᠬᠤᠷᠠᠯ ᠠᠴᠠ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠥᠪ ᠤᠨ ᠠᠮᠢ ᠠᠬᠤᠶ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ

ᠮᠡᠳᠡᠭᠦᠯᠦᠯᠲᠡ᠂ ᠲᠥᠷᠥᠯ  ᠵᠦᠢᠯ ᠢ ᠲᠡᠮᠡᠴᠡᠨ ᠣᠯᠤᠭᠰᠠᠨ᠂ ᠤᠬᠠᠭᠠᠯᠠᠭᠰᠠᠨ᠂ ᠨᠥᠭᠡᠴᠡᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ

ᠬᠠᠮᠢᠶ᠎ᠠ ᠪᠥᠬᠦᠶ ᠠᠵᠢᠯ ᠢ ᠲᠣᠰ ᠲᠣᠰ ᠲᠣᠬᠢᠷᠠᠭᠤᠯᠤᠨ ᠪᠠᠶᠢᠷᠢᠯᠠᠭᠤᠯᠪᠠ᠃

七次政府常务会2.jpg

     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠴᠠᠭ ᠢᠮᠠᠭᠲᠠ ᠰᠡᠳᠬᠢᠯ ᠠᠮᠤᠷ ᠦᠬᠡᠢ︾  ᠪᠠᠶᠢᠵᠤ᠂ ᠰᠢᠰᠲ᠋ᠧᠮ ᠤᠨ ᠴᠢᠨᠠᠷᠲᠠᠶ

ᠰᠡᠳᠬᠢᠬᠦᠶ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ

ᠪᠠᠶᠢᠩᠭᠤᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠮᠦᠨ᠎ᠡ ᠬᠤᠶᠢᠨᠠᠬᠢ ᠡᠯ᠎ᠡ ᠭᠤᠭᠴᠤᠭ᠎ᠠ᠂ ᠡᠯ᠎ᠡ ᠬᠦᠷᠢᠶᠡᠨ ᠤ ᠠᠮᠤᠷ ᠲᠦᠪᠰᠢᠨ ᠲᠣᠭᠲᠠᠭᠤᠨ

ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠣᠭᠤᠷᠢᠭ᠂ ᠬᠤᠲᠠ ᠶᠢᠨ

ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠠᠶ ᠲᠠᠢ

ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠳᠠᠷᠤᠶ ᠲᠦᠷᠭᠡᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ

᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ

ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃  ᠰᠠᠶᠢᠨ ᠲᠣᠬᠢᠶᠠᠯ ᠢ ᠠᠳᠬᠤᠵᠤ᠂ ᠲᠥᠷᠥᠯ  ᠵᠦᠢᠯ ᠢ ᠲᠡᠮᠡᠴᠡᠨ ᠤᠯᠬᠤ

ᠠᠵᠢᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠪᠥᠬᠦ ᠬᠤᠰᠢᠭᠤᠨ ᠤ ᠪᠣᠳᠠᠲᠤ ᠪᠠᠶᠢᠳᠠᠯ ᠬᠢᠭᠡᠳ ᠳᠡᠭᠡᠳᠦ ᠱᠠᠲᠤᠨ ᠤ ᠲᠥᠷᠥ ᠶᠢᠨ

ᠪᠣᠳᠣᠯᠭ᠎ᠠ ᠶᠢᠨ ᠤᠶᠠᠯᠳᠤᠯ ᠤᠨ ᠴᠡᠭ᠂ ᠰᠢᠪᠲᠤᠯᠤᠯᠲᠠ ᠶᠢᠨ ᠴᠡᠭ ᠢ ᠡᠷᠢᠨ ᠣᠯᠵᠤ᠂ ᠭᠥᠷᠳᠡᠵᠦ ᠳᠡᠶᠢᠯᠬᠦ ᠲᠥᠷᠥ ᠶᠢᠨ ᠪᠣᠳᠣᠯᠭ᠎ᠠ ᠶᠢ ᠴᠥᠮ ᠭᠥᠷᠳᠡᠵᠦ᠂

ᠲᠡᠮᠡᠴᠡᠨ ᠣᠯᠵᠤ ᠳᠡᠶᠢᠯᠬᠦ ᠲᠥᠷᠥᠯ  ᠵᠦᠢᠯ ᠢ ᠴᠥᠮ ᠲᠡᠮᠡᠴᠡᠨ ᠤᠯᠬᠤ ᠪᠠᠷ ᠴᠢᠷᠮᠠᠶᠢᠬᠤ ᠶᠢᠨ ᠬᠠᠮᠲᠤ ᠲᠥᠷᠥᠯ ᠵᠦᠢᠯ ᠢ ᠤᠷᠢᠳᠴᠢᠯᠠᠨ ᠨᠥᠭᠡᠴᠡᠯᠡᠵᠦ᠂ ᠰᠢᠨ᠎ᠡ

ᠡᠨᠧᠷᠭᠢ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠲᠥᠷᠥᠯ  ᠵᠦᠢᠯ ᠢ ᠢᠳᠡᠪᠬᠢᠲᠡᠶ ᠰᠦᠪᠡᠭᠴᠢᠯᠡᠵᠦ᠂

ᠣᠲᠣ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠰᠠᠶᠢᠲᠤᠷ ᠨᠥᠭᠡᠴᠡᠯᠡᠵᠦ᠂ ᠢᠷᠡᠬᠦ ᠵᠢᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠪᠠᠯᠠ

ᠮᠥᠩᠭᠦ ᠲᠡᠮᠡᠴᠡᠨ ᠤᠯᠬᠤ ᠳᠤ ᠰᠠᠭᠤᠷᠢ ᠲᠠᠯᠪᠢᠵᠤ ᠥᠭᠬᠦ ᠬᠡᠷᠡᠭᠲᠡᠶ ᠬᠡᠪᠡ᠃

     ᠬᠤᠷᠠᠯ ᠠᠴᠠ ᠪᠠᠰᠠ ︽ᠤᠷᠠᠳ ᠤᠨ ᠡᠮᠦᠨᠡᠲᠦ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠨᠡᠶᠢᠳᠬᠡᠨ ᠲᠠᠬᠢᠨ ᠪᠠᠶᠢᠭᠤᠯᠬᠤ

ᠬᠡᠷᠡᠭᠵᠢᠭᠦᠯᠬᠦ ᠲᠥᠰᠦᠯ ︵ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠥᠪᠥᠷ ᠮᠣᠩᠭᠤᠯ ᠤᠨ ᠺᠠᠶ ᠶᠤᠸᠠᠨ ᠬᠡᠷ ᠪᠠᠶᠢᠰᠢᠩ ᠭᠠᠵᠠᠷ

ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠪᠠᠶᠢᠭᠤᠯᠬᠤ ᠬᠤᠯᠪᠣᠭᠳᠠᠯ ᠪᠥᠬᠦᠶ ᠶᠠᠪᠤᠳᠠᠯ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ

ᠠᠳᠠᠯᠢ ᠠᠵᠢᠯ ᠳᠤ ᠠᠳᠠᠯᠢ ᠬᠥᠯᠥᠰᠥ  ᠣᠯᠭᠤᠬᠤ ᠪᠠᠭᠰᠢ ᠤᠷᠢᠬᠤ ᠬᠤᠯᠪᠣᠭᠳᠠᠯ ᠪᠥᠬᠦᠶ ᠶᠠᠪᠤᠳᠠᠯ ᠵᠢᠴᠢ ᠪᠤᠰᠤᠳ  ᠵᠦᠢᠯᠡᠰ ᠢ ᠰᠤᠳᠤᠯᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ