ᠰᠠᠭᠠᠳᠠᠭ ᠰᠤᠮᠤ᠄ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ + ᠡᠯᠧᠺᠲᠷᠣᠨ ᠬᠤᠳᠠᠯᠳᠤᠭᠠᠨ ᠤ ᠲᠠᠪᠴᠠᠩ︾  ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/9/21
      ᠡᠯᠧᠺᠲᠷᠣᠨ ᠬᠤᠳᠠᠯᠳᠤᠭᠠᠨ ᠤ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠰᠢᠭᠤᠳ ᠨᠡᠪᠲᠡᠷᠡᠭᠦᠯᠭᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠡᠨᠡ ᠵᠢᠯ ᠠᠴᠠ ᠨᠠᠰᠢ᠂  ᠰᠠᠭᠠᠳᠠᠭ ᠰᠤᠮᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠬᠢᠴᠠ ᠳᠤᠮᠳᠠ᠂ ᠲᠣᠰ ᠭᠠᠵᠠᠷ ᠤᠨ ᠰᠣᠳᠣᠨ ᠦᠬᠡᠷ ᠬᠤᠨᠢᠨ ᠮᠢᠬ᠎ᠠ ᠵᠡᠷᠭᠡ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠭᠠᠷᠳᠠᠴᠠ ᠪᠣᠯᠭᠠᠨ᠂ ᠣᠯᠠᠨ ᠡᠰᠢᠵᠢᠭᠰᠡᠨ ᠠᠵᠤ ᠦᠢᠯᠡᠰ ᠤᠨ ᠬᠥᠭᠵᠢᠯᠲᠡ ᠪᠠᠷ ᠬᠠᠷᠠᠯᠲᠠ ᠪᠣᠯᠭᠠᠵᠤ᠂ ᠬᠠᠰᠠᠷ ᠰᠣᠶᠣᠯ ᠤᠨ ᠬᠦᠷᠢᠶᠡᠯᠡᠩ ᠳᠤ ᠲᠦᠰᠢᠭᠯᠡᠨ᠂ ᠡᠯᠧᠺᠲᠷᠣᠨ ᠬᠤᠳᠠᠯᠳᠤᠭᠠᠨ ᠤ ᠲᠠᠪᠴᠠᠩ᠂ ᠪᠠᠷᠠᠭ᠎ᠠ ᠠᠪᠴᠤ ᠰᠢᠭᠤᠳ ᠨᠡᠪᠲᠡᠷᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠪᠠ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠡᠯᠧᠺᠲᠷᠣᠨ ᠬᠤᠳᠠᠯᠳᠤᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠳᠠᠪᠠᠭᠤᠯᠢᠭ ᠢ ᠠᠰᠢᠭᠯᠠᠨ᠂ ᠪᠦᠲᠦᠮᠵᠢᠲᠡᠶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠶᠢᠭᠡᠮ ᠤᠨ ᠬᠦᠴᠦᠨ ᠢ ᠠᠭᠤᠳᠠᠯᠤᠨ᠂ ᠡᠯ᠎ᠡ ᠲᠥᠷᠥᠯ ᠤᠨ ᠴᠢᠳᠠᠪᠤᠷᠢᠲᠠᠨ ᠢ ᠲᠠᠲᠠᠬᠤ ᠪᠠ ᠪᠣᠯᠪᠠᠰᠤᠷᠠᠭᠤᠯᠵᠤ ᠪᠠᠶᠢᠭᠠᠳ ᠰᠢᠭᠤᠳ ᠨᠡᠪᠲᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠪᠥᠬᠦ ᠰᠤᠮᠤᠨ ᠤ ᠰᠣᠳᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ᠂ ᠦᠨᠳᠦᠰᠦᠲᠡᠨ ᠤ ᠣᠨᠴᠠᠯᠢᠭᠲᠤ ᠬᠤᠪᠴᠠᠰᠤ ᠵᠠᠰᠠᠯ ᠵᠡᠷᠭᠡ ᠶᠢ ᠰᠦᠯᠵᠢᠶᠡᠨ ᠳᠡᠭᠡᠷ᠎ᠡ ᠪᠣᠷᠣᠯᠠᠭᠤᠯᠵᠤ᠂ ︽ᠢᠨᠲ᠋ᠧᠷ ᠰᠦᠯᠵᠢᠶ᠎ᠡ +︾ ᠬᠥᠭᠵᠢᠯᠲᠡ ᠶᠢᠨ ᠵᠠᠮ ᠢ  ᠰᠦᠪᠡᠭᠴᠢᠯᠡᠪᠡ᠃ 

直播带货1.jpg

      ᠨᠢᠭᠡ ᠪᠦᠯᠦᠭ ᠭᠠᠴᠠᠭᠠᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠪᠠᠶᠢᠭᠤᠯᠤᠮᠵᠢ ᠶᠢ ᠪᠠᠶᠢᠭᠤᠯᠵᠤ᠂ ᠨᠢᠭᠡ ᠪᠦᠯᠦᠭ ᠠᠮᠲᠠᠲᠤ

ᠢᠳᠡᠭᠡᠨ ᠪᠠᠷᠠᠭ᠎ᠠ ᠬᠤᠳᠠᠯᠳᠤᠬᠤ  ᠳᠤ ᠨᠡᠪᠲᠡᠷᠡᠭᠰᠡᠨ ᠬᠦᠮᠦᠨ ᠢ ᠬᠥᠮᠦᠵᠢᠭᠦᠯᠵᠦ᠂ ᠰᠦᠯᠵᠢᠶᠡᠨ ᠳᠡᠭᠡᠷᠡᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ

ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠨᠡᠭᠡᠭᠡᠵᠦ᠂ ᠨᠢᠭᠡ ᠪᠦᠯᠦᠭ ᠢᠳᠡᠭᠡᠨ ᠤᠮᠳᠠᠭᠠᠨ ᠤ ᠵᠢᠭᠤᠯᠴᠢᠯᠠᠯ᠂ ᠰᠣᠶᠣᠯ ᠤᠨ ᠵᠢᠭᠤᠯᠴᠢᠯᠠᠯ ᠤᠨ

ᠭᠠᠴᠠᠭ᠎ᠠ ᠶᠢ ᠳᠠᠶᠢᠴᠢᠯᠠᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠣᠯᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ

ᠠᠬᠢᠭᠤᠯᠬᠤ ᠵᠠᠮ ᠢᠶᠠᠷ ᠵᠠᠮᠨᠠᠵᠤ᠂ ︽ᠠᠵᠤ ᠦᠢᠯᠡᠰ + ᠤᠬᠠᠭᠤᠯᠭ᠎ᠠ + ᠰᠣᠶᠣᠯ + ᠵᠢᠭᠤᠯᠴᠢᠯᠠᠯ + ᠡᠯᠧᠺᠲᠷᠣᠨ ᠬᠤᠳᠠᠯᠳᠤᠭ᠎ᠠ︾ ᠶᠢᠨ ︽ᠲᠠᠪᠤ ᠶᠢ ᠨᠢᠭᠡ

ᠴᠣᠭᠴᠠᠵᠢᠭᠤᠯᠤᠭᠰᠠᠨ︾ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ ᠢ ᠪᠦᠷᠢᠯᠳᠦᠭᠦᠯᠪᠡ᠃

      ︽ᠵᠢᠵᠢᠭ ᠳᠡᠯᠭᠡᠴᠡ︾ ᠪᠠᠷ ︽ᠶᠡᠭᠡ ᠵᠠᠬ᠎ᠠ ᠳᠡᠯᠭᠡᠭᠦᠷ︾ ᠢ ᠨᠡᠭᠡᠭᠡᠵᠦ᠂ ᠰᠢᠭᠤᠳ ᠨᠡᠪᠲᠡᠷᠡᠭᠦᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠬᠦᠴᠦᠨ ᠨᠡᠮᠡᠷᠢᠯᠡᠬᠦ ︽ᠲᠦᠷᠭᠡᠳᠬᠡᠭᠦᠷ︾ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠᠷ ᠠᠵᠤ ᠦᠢᠯᠡᠰ ᠤᠨ

ᠬᠥᠭᠵᠢᠯᠲᠡ ᠶᠢ ᠠᠬᠢᠭᠤᠯᠬᠤ ︽ᠲᠦᠷᠭᠡᠳᠬᠡᠭᠦᠷ︾ ᠪᠣᠯᠭᠠᠪᠠ᠃ ᠣᠳᠣᠬᠠᠨ ᠳᠤ᠂  ᠰᠠᠭᠠᠳᠠᠭ ᠰᠤᠮᠤ ᠨᠢᠭᠡᠨᠲᠡ ᠬᠠᠰᠠᠷ ᠰᠣᠶᠣᠯ ᠤᠨ ᠬᠦᠷᠢᠶᠡᠯᠡᠩ ᠤᠨ ᠪᠠᠷᠠᠭ᠎ᠠ

ᠬᠤᠳᠠᠯᠳᠤᠵᠤ ᠰᠢᠭᠤᠳ ᠨᠡᠪᠲᠡᠷᠡᠭᠦᠯᠬᠦ ᠰᠠᠭᠤᠷᠢᠨ ᠭᠠᠵᠠᠷ ᠢ ᠲᠥᠯᠥᠪᠵᠢᠭᠦᠯᠭᠡ ᠲᠠᠢ᠂ ᠳᠦᠷᠢᠮ ᠲᠠᠢ᠂ ᠣᠨᠴᠠᠯᠢᠭ ᠲᠠᠢ᠂ ᠦᠨᠳᠦᠰᠦᠲᠡᠨ ᠤ ᠬᠡᠪ ᠮᠠᠶ᠋ᠢᠭ ᠲᠠᠢ

ᠰᠢᠭᠤᠳ ᠨᠡᠪᠲᠡᠷᠡᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠪᠠ᠃ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠰᠠᠶᠢᠨ ᠳᠤᠷ᠎ᠠ ᠶᠢᠨ ᠦᠢᠯᠡᠴᠢᠯᠡᠭᠡ ᠪᠠᠷ

ᠳᠠᠮᠵᠢᠭᠤᠯᠤᠨ᠂ ᠰᠠᠭᠠᠳᠠᠭ ᠰᠤᠮᠤᠨ ᠤ ᠦᠬᠡᠷ ᠬᠤᠨᠢᠨ ᠮᠢᠬ᠎ᠠ ᠬᠤᠪᠢᠶᠠᠬᠤ ᠦᠢᠯᠡᠳᠪᠦᠷᠢ ᠶᠢᠨ ᠲᠠᠰᠤᠭ᠂ ᠭᠠᠴᠠᠭᠠᠨ ᠤ ᠬᠤᠷᠰᠢᠶ᠎ᠠ ᠵᠢᠴᠢ ᠬᠡᠰᠡᠭ ᠮᠠᠯᠴᠢᠳ ᠤᠨ

ᠬᠤᠪᠢ ᠶᠢᠨ ᠳᠠᠩᠰᠠᠨ ᠨᠣᠮᠧᠷ ᠲᠤ ᠨᠡᠶᠢᠲᠡ 550 ᠰᠢᠬᠠᠮ ᠵᠢᠩ ᠴᠢᠨᠠᠷ ᠰᠠᠶᠢᠲᠠᠶ ᠦᠬᠡᠷ ᠬᠤᠨᠢᠨ ᠮᠢᠬ᠎ᠠ ᠪᠣᠷᠣᠯᠠᠭᠤᠯᠵᠤ᠂ ᠠᠷᠠᠯᠵᠢᠶᠠᠯᠠᠭᠰᠠᠨ ᠵᠣᠭᠤᠰ ᠤᠨ

ᠲᠤᠭ᠎ᠠ ᠨᠢ 27500 ᠲᠥᠭᠦᠷᠢᠭ ᠲᠤ ᠬᠦᠷᠴᠦ᠂ ᠮᠠᠯᠴᠢᠨ ᠲᠠᠷᠢᠶᠠᠴᠢᠨ ᠳᠤ ᠬᠡᠷ ᠤᠨ ᠢᠶᠠᠨ ᠡᠭᠦᠳᠡᠨ ᠳᠤ  ᠣᠷᠤᠯᠭ᠎ᠠ ᠪᠠᠨ ᠨᠡᠮᠡᠭᠳᠡᠭᠦᠯᠬᠦ  ᠠᠵᠢ ᠵᠠᠪᠰᠢᠶᠠᠨ ᠪᠠ 

ᠰᠠᠶᠢᠨ ᠲᠠᠯ᠎ᠠ  ᠶᠢ ᠦᠨᠡᠨ ᠬᠦ ᠮᠡᠳᠡᠷᠡᠭᠦᠯᠪᠡ᠃

直播带货2.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ