︽ᠰᠢ ᠶᠢᠨ ᠫᠢᠩ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2022/9/21
     ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠤᠢᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠬᠦ ᠤᠯᠤᠰ ᠲᠤ ᠲᠠᠷᠬᠠᠭᠠᠪᠠ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠣᠳᠠᠰ ᠤᠨ ᠪᠣᠯᠪᠠᠰᠤᠨ ᠤ ᠲᠦᠢᠯ ᠤᠨ ᠶᠡᠭᠡ ᠬᠥᠭᠵᠢᠯᠲᠡ ᠶᠢ ᠱᠠᠭᠠᠷᠳᠠᠬᠤ ᠪᠥᠭᠡᠳ ᠤᠶᠤᠨ ᠤ ᠪᠣᠯᠪᠠᠰᠤᠨ ᠤ ᠲᠦᠢᠯ ᠤᠨ ᠶᠡᠭᠡ ᠬᠥᠭᠵᠢᠯᠲᠡ ᠶᠢ ᠴᠦ ᠱᠠᠭᠠᠷᠳᠠᠨ᠎ᠠ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ ᠶᠢ ᠪᠠᠷᠢᠮᠲᠠᠯᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ ᠬᠤᠪᠢᠰᠬᠠᠯ ᠤᠨ ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠨ᠂ ᠤᠢ ᠪᠢᠯᠢᠭ ᠢ ᠰᠡᠩᠬᠡᠷᠡᠭᠦᠯᠵᠤ ᠰᠠᠶᠢᠨ ᠰᠠᠶᠢᠬᠠᠨ ᠵᠠᠩ ᠰᠤᠷᠳᠠᠯ ᠢ ᠪᠤᠢ ᠪᠤᠯᠭᠠᠵᠤ᠂ ᠠᠷᠠᠳ ᠣᠯᠠᠨ ᠤ ᠣᠯᠠᠨ ᠶᠠᠩᠵᠤ᠂ ᠤᠯᠡᠠ ᠲᠡᠰ ᠳᠠᠪᠬᠤᠷᠭ᠎ᠠ᠂ ᠣᠯᠠᠨ ᠲᠠᠯ᠎ᠠ ᠶᠢᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠣᠰᠣ ᠰᠤᠷᠲᠠᠬᠤᠨ ᠤ ᠲᠦᠪᠰᠢᠨ᠂ ᠪᠣᠯᠪᠠᠰᠤᠨ ᠤ ᠬᠡᠪ ᠪᠣᠯᠪᠠᠰᠤᠷᠠᠯ ᠪᠠ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳ᠋ᠤᠮᠳᠠᠳᠤ ᠤᠯᠤᠰ ᠤᠨ ᠦᠨ᠎ᠡ ᠥᠷᠲᠡᠭ᠂ ᠳᠤᠮᠳᠠᠳᠤ ᠤᠯᠤᠰ ᠤᠨ ᠬᠦᠴᠦᠨ ᠢ ᠨᠠᠩ ᠰᠠᠶᠢᠲᠤᠷ ᠴᠣᠭᠴᠠᠯᠠᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠤ ᠪᠦᠬᠦ ᠲᠠᠯ᠎ᠠ᠂ ᠭᠦᠨᠵᠡᠭᠡᠶ᠂ ᠦᠨᠳᠦᠰᠦᠨ ᠴᠢᠨᠠᠷᠲᠠᠶ ᠬᠤᠪᠢᠷᠠᠯᠲᠠ ᠡᠭᠦᠰᠭᠦ ᠶᠢ ᠠᠬᠢᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠪᠦᠬᠦ ᠨᠡᠶᠢᠭᠡᠮ ᠤᠨ ᠨᠢᠭᠲᠠᠷᠠᠯ ᠤᠨ ᠬᠦᠴᠦᠨ ᠪᠠ ᠲᠥᠪᠯᠡᠷᠡᠩᠭᠦᠢ ᠬᠦᠴᠦᠨ ᠲᠦᠢᠯ ᠤᠨ ᠶᠡᠭᠡ ᠪᠠᠷ ᠳᠡᠭᠡᠭᠰᠢᠯᠡᠵᠦ᠂ ᠨᠠᠮ᠂ ᠤᠯᠤᠰ ᠭᠡᠷ᠂ ᠠᠷᠠᠳ ᠲᠦᠮᠡᠨ᠂ ᠴᠡᠷᠢᠭ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠴᠣ᠋ ᠰᠢᠨ᠎ᠡ ᠬᠤᠪᠢᠷᠠᠯᠳᠠ ᠭᠠᠷᠪᠠ᠃ ᠰᠢ ᠶᠢᠨ ᠫᠢᠩ ᠨᠥᠬᠦᠷ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠨᠡᠶᠢᠳᠠᠯᠡᠭᠰᠡᠨ ᠠᠯᠢ ᠤᠯᠠᠨ ᠴᠢᠬᠤᠯᠠ ᠥᠭᠦᠯᠡᠯᠲᠡ ᠨᠢ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠣᠨᠴᠠᠯᠢᠭ ᠵᠢᠮ᠎ᠡ ᠶᠣᠰᠣ ᠶᠢ ᠭᠦᠨᠵᠡᠭᠡᠢ ᠵᠢᠭᠠᠨ ᠢᠯᠡᠷᠡᠭᠦᠯᠵᠦ᠂ ᠨᠠᠮ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠰᠢᠨᠵᠢᠯᠡᠬᠦ ᠤᠬᠠᠭᠠᠨᠴᠢ ᠤᠨᠤᠯ ᠢ ᠪᠠᠶᠠᠯᠢᠭᠵᠢᠭᠤᠯᠤᠨ ᠬᠥᠭᠵᠢᠭᠦᠯᠵᠤ᠂ ᠪᠢᠳᠡᠨ ᠤ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠮᠥᠨ᠃ ᠰᠢ ᠶᠢᠨ ᠫᠢᠩ ᠨᠥᠬᠦᠷ ᠤᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠦᠨ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠬᠤ᠂ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠶ᠋ᠯᠡᠳᠦᠯᠭᠡᠵᠢᠭᠦᠯᠬᠦ ᠵᠢᠴᠢ ᠪᠣᠯᠪᠠᠰᠤᠨ ᠤ ᠦᠶ᠋ᠯᠡᠳᠦᠯᠭᠡ᠂ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠠᠬᠢᠭᠤᠯᠬᠤ᠂ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠠᠷᠠᠳ ᠲᠦᠮᠡᠨ ᠤ ᠤᠶᠤᠨ ᠤ ᠠᠮᠢᠳᠤᠷᠠᠯ ᠤᠨ ᠬᠠᠮᠲᠤ ᠪᠠᠷ ᠪᠠᠶᠠᠵᠢᠯᠢᠬᠵᠢᠭᠤᠯᠤᠨ ᠴᠢᠨᠡᠭᠡᠯᠢᠭᠵᠢᠬᠦ ᠶᠢ ᠠᠬᠢᠭᠤᠯᠬᠤ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠵᠢᠳᠬᠦᠯ ᠴᠢᠷᠮᠠᠶᠢᠯᠭ᠎ᠠ ᠭᠠᠷᠭᠠᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ᠂ ᠡᠯᠪᠡᠭ ᠪᠠᠶᠠᠯᠢᠭ ᠶᠣᠰᠣ ᠰᠤᠷᠲᠠᠬᠤᠨ ᠤ ᠤᠶᠤᠨ ᠲᠡᠵᠢᠭᠡᠯ᠂ ᠰᠣᠶᠣᠯ ᠤᠨ ᠰᠠᠶᠢᠨ ᠨᠥᠬᠦᠴᠡᠯ ᠢ ᠪᠦᠷᠢᠯᠳᠦᠭᠦᠯᠵᠤ᠂ ᠮᠠᠰᠢ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃     ︽ᠥᠭᠦᠯᠡᠯᠲᠡ ᠶᠢᠨ ᠲᠡᠭᠦᠪᠦᠷᠢ︾ ᠨᠢ 10 ᠲᠤᠰᠬᠠᠢ ᠰᠡᠳᠦᠪ ᠬᠤᠪᠢᠶᠠᠬᠠᠳᠠᠵᠤ᠂ ᠨᠡᠶᠢᠳᠡ 512 ᠬᠡᠰᠡᠭ ᠥᠭᠦᠯᠡᠯᠲᠡ ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠶᠢᠨ 17 ᠤ ᠡᠳᠦᠷ ᠠᠴᠠ 2022 ᠣᠨ ᠤ 6 ᠰᠠᠷ᠎ᠠ ᠶᠢᠨ 8 ᠤ ᠡᠳᠦᠷ ᠪᠣᠯᠲᠠᠯᠠᠬᠢ ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠲᠣᠳᠣᠷᠬᠠᠶᠢᠯᠠᠯᠲᠠ᠂ ᠶᠠᠷᠢᠶ᠎ᠠ ᠢᠯᠡᠳᠭᠡᠯ᠂ ᠶᠠᠷᠢᠯᠴᠠᠭ᠎ᠠ᠂ ᠪᠠᠶᠠᠷ ᠤᠨ ᠵᠠᠬᠢᠳᠠᠯ᠂ ᠵᠢᠭᠠᠪᠤᠷᠢ᠂ ᠴᠣᠬᠤᠯᠠᠪᠤᠷᠢ ᠵᠡᠷᠭᠡ 240 ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ