ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠬᠤᠲᠠ ᠶᠢᠨ ᠶᠡᠷᠦᠩᠬᠡᠶᠢᠯᠡᠭᠰᠡᠨ  ᠦᠢᠯᠡᠳᠦᠯᠬᠡ ᠶᠢᠨ ᠠᠵᠢᠯᠯᠠᠭ᠎ᠠ ᠶᠢᠨ ᠵᠢᠯᠣᠭᠤᠳᠬᠤ ᠵᠢᠭᠠᠬᠤ ᠮᠠᠲ᠋ᠧᠷᠢᠶᠠᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/9/21
      ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠤᠨ ᠵᠢᠯᠣᠭᠤᠳᠬᠤ ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ  ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠲᠥᠷᠥᠯ ᠤᠨ ᠨᠢᠭᠡᠳᠦᠭᠡᠷ ᠹᠷᠣᠨᠲ ᠤᠨ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ 2022 ᠣᠨ ᠤ 9 ᠰᠠᠷ᠎ᠠ ᠶᠢᠨ 18 ᠤ ᠡᠳᠦᠷ 30 ᠭᠠᠷᠤᠶ ᠪᠠᠭᠰᠢ ᠶᠢ ᠵᠣᠬᠢᠶᠠᠨ ᠪᠠᠶᠢᠭᠤᠯᠵᠤ  ᠰᠦᠯᠵᠢᠶᠡᠨ ᠳᠡᠭᠡᠷᠡᠬᠢ ᠵᠢᠭᠠᠬᠤ ᠮᠠᠲ᠋ᠧᠷᠢᠶᠠᠯ ᠤᠨ  ᠪᠣᠯᠪᠠᠰᠣᠷᠠᠯ ᠤᠨ ᠠᠵᠢᠯᠯᠠᠭ᠎ᠠ ᠳᠤ  ᠣᠷᠣᠯᠴᠠᠪᠠ᠃      ᠲᠣᠰ ᠤᠳᠠᠭᠠᠨ ᠤ ᠪᠣᠯᠪᠠᠰᠣᠷᠠᠯ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠶᠡᠷᠦᠩᠬᠡᠶᠢᠯᠡᠭᠰᠡᠨ  ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠣᠶᠢᠯᠠᠭᠠᠭᠳᠠᠬᠤᠨ᠂ ᠭᠤᠤᠯ ᠠᠭᠤᠯᠭ᠎ᠠ᠂ ᠭᠤᠤᠯᠳᠠᠯᠭ᠎ᠠ ᠬᠦᠴᠢᠷᠳᠡᠯ ᠤᠨ ᠲᠤᠬᠠᠶ ᠵᠠᠳᠠᠯᠤᠯᠲᠠ᠂ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠵᠢᠴᠢ ᠵᠢᠭᠠᠨ ᠰᠤᠷᠭᠠᠬᠤ ᠰᠠᠨᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠤᠨ ᠵᠢᠯᠣᠭᠤᠳᠬᠤ ᠬᠥᠲᠥᠯᠪᠦᠷᠢ︾ ᠳᠤ ᠲᠠᠶᠢᠯᠤᠮᠵᠢ ᠬᠢᠪᠠ᠃      ᠨᠢᠭᠡ ᠡᠳᠦᠷ ᠤᠨ ᠪᠣᠯᠪᠠᠰᠤᠷᠠᠯ ᠰᠤᠷᠤᠯᠴᠠᠯᠭ᠎ᠠ ᠪᠠᠷ ᠲᠠᠮᠵᠢᠨ᠂ ᠪᠠᠭᠰᠢ ᠨᠠᠷ ᠨᠠᠷᠢᠨ ᠬᠢᠨᠠᠮᠠᠭᠠᠢ ᠬᠢᠴᠢᠶᠡᠯ ᠰᠣᠨᠣᠰᠴᠤ᠂ ᠨᠠᠷᠢᠨ ᠨᠢᠮᠪᠠᠢ ᠲᠡᠮᠳᠡᠭᠯᠡᠯ ᠬᠢᠵᠦ᠂ ᠰᠤᠷᠤᠯᠭ᠎ᠠ ᠶᠢᠨ ᠡᠭᠦᠷᠭᠡ ᠪᠠᠨ ᠲᠤᠭ᠎ᠠ ᠶᠣᠰᠣᠭᠠᠷ ᠨᠢ ᠪᠡᠶᠡᠯᠡᠭᠦᠯᠵᠦ᠂ ᠶᠡᠭᠡ ᠠᠰᠢᠭ ᠬᠦᠷᠳᠡᠵᠡᠢ᠃ ᠬᠤᠷᠠᠯ ᠤᠨ ᠳᠠᠷᠠᠭ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠦᠨᠳᠦᠰᠦᠨ ᠰᠤᠷᠭᠠᠨ ᠬᠥᠮᠦᠵᠢᠯ ᠤᠨ ᠲᠠᠰᠤᠭ ᠤᠨ ᠳᠠᠷᠤᠭ᠎ᠠ ᠸᠠᠩ ᠰᠢᠩ ᠮᠢᠨ ᠪᠣᠯᠪᠠᠰᠤᠷᠠᠯ ᠳᠤ ᠣᠷᠣᠯᠴᠠᠭᠰᠠᠨ ᠪᠠᠭᠰᠢ ᠳᠤ ᠭᠤᠷᠪᠠᠨ ᠱᠠᠭᠠᠷᠳᠠᠯᠭ᠎ᠠ ᠳᠤᠷᠠᠳᠴᠠᠶ᠄ ᠨᠢᠭᠡ ᠳᠤ᠂ ᠬᠤᠷᠠᠯ ᠤᠨ ᠪᠣᠯᠪᠠᠰᠤᠷᠠᠯ ᠤᠨ ᠵᠣᠷᠢᠭ ᠰᠠᠨᠠᠭ᠎ᠠ ᠶᠢ ᠰᠤᠷᠭᠠᠭᠤᠯᠢ ᠶᠢᠨ ᠵᠠᠬᠢᠷᠤᠯ ᠪᠠ ᠬᠢᠴᠢᠶᠡᠯ ᠬᠥᠮᠦᠵᠢᠯ ᠤᠨ ᠭᠠᠵᠠᠷ ᠲᠤ ᠬᠠᠷᠢᠭᠤ ᠮᠡᠳᠡᠭᠦᠯᠵᠦ᠂ ᠰᠤᠷᠭᠠᠭᠤᠯᠢ ᠠᠴᠠ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠶ ᠵᠣᠬᠢᠶᠠᠨ ᠪᠠᠶᠢᠭᠤᠯᠵᠤ ᠵᠢᠯᠣᠭᠤᠳᠬᠤ ᠬᠥᠲᠥᠯᠪᠦᠷᠢ ᠶᠢ ᠨᠠᠷᠢᠨ ᠬᠢᠨᠠᠮᠠᠭᠠᠶ ᠰᠤᠷᠤᠯᠴᠠᠬᠤ ᠬᠡᠷᠡᠭᠲᠡᠶ᠃ ᠬᠤᠶᠠᠷ ᠲᠤ᠂ ᠰᠤᠷᠭᠠᠭᠤᠯᠢ ᠨᠤᠭᠤᠳ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠤᠨ ᠤᠳᠤᠷᠢᠳᠬᠤ ᠳᠤᠭᠤᠶᠢᠯᠠᠩ ᠢ ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠰᠤᠷᠭᠠᠭᠤᠯᠢ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠶᠡᠷᠦᠩᠬᠡᠶᠢᠯᠡᠭᠰᠡᠨ ᠪᠣᠳᠠᠲᠤ ᠠᠵᠢᠯᠯᠠᠭ᠎ᠠ ᠶᠢᠨ ᠲᠤᠰᠬᠠᠶ ᠬᠢᠴᠢᠶᠡᠯ ᠤᠨ ᠲᠥᠪ ᠪᠤᠶᠤ ᠵᠢᠭᠠᠨ ᠰᠤᠳᠤᠯᠬᠤ ᠳᠤᠭᠤᠶᠢᠯᠠᠩ ᠢ ᠪᠠᠶᠢᠭᠤᠯᠵᠤ᠂ ᠬᠥᠲᠥᠯᠪᠦᠷᠢ ᠶᠢᠨ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠯᠲᠠ ᠲᠠᠢ ᠲᠥᠯᠥᠪᠯᠡᠭᠡ ᠲᠠᠢ ᠪᠠᠷ ᠥᠷᠨᠢᠭᠦᠯᠬᠦ ᠬᠡᠷᠡᠭᠲᠡᠶ᠃ ᠭᠤᠷᠪᠠ ᠳᠤ᠂ ᠪᠠᠭᠰᠢ ᠨᠠᠷ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠳᠤ ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠢ ᠬᠡᠪᠡ᠃      ᠲᠣᠰ ᠣᠳᠠᠭᠠᠨ ᠤ ᠪᠣᠯᠪᠠᠰᠣᠷᠠᠯ ᠨᠢ᠂  ᠪᠠᠭᠰᠢ ᠨᠠᠷ ᠤᠨ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶ  ᠪᠣᠯᠭᠠᠭᠰᠠᠨ ᠤ ᠬᠠᠮᠲᠤ ᠪᠠᠰᠠ ᠮᠠᠰᠢ ᠰᠠᠶᠢᠨ ᠰᠣᠷᠣᠯᠴᠠᠬᠤ ᠲᠠᠪᠴᠠᠩ ᠢ ᠬᠠᠩᠭᠠᠵᠤ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ  ᠦᠢᠯᠡᠳᠦᠯᠬᠡ ᠶᠢᠨ ᠠᠵᠢᠯᠯᠠᠭ᠎ᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ