ᠥᠪᠥᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/21
     9 ᠳ᠋ᠦ᠋ᠭᠡᠷ ᠰᠠᠷ᠎ᠠ ᠶᠢᠨ 20 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ 1 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠳᠤ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 9 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠥᠮ ᠰᠢᠯᠢ ᠶᠢᠨ ᠬᠤᠲᠠ ᠳᠤ︶᠂ ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 5 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 4︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 2 ᠲᠣᠳᠣᠯᠠᠭᠰᠠᠨ ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃     9 ᠳ᠋ᠦ᠋ᠭᠡᠷ ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 238 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 5 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 7 ︵ᠰᠢᠯᠢ ᠶᠢᠨ ᠬᠤᠲᠠ ᠳᠤ 6᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 2 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 1︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 268 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139︶᠂ ᠰᠢᠯᠢ ᠶᠢᠨ ᠭᠤᠣᠯ ᠠᠶᠢᠮᠠᠭ ᠲᠤ 7 ︵ᠰᠢᠯᠢ ᠶᠢᠨ ᠬᠤᠲᠠ ᠳᠤ 5᠂ ᠡᠷᠢᠶᠡᠨ ᠬᠤᠲᠠ ᠳᠤ 2︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 19 ︵ᠡᠵᠡᠨ᠎ᠡ ᠬᠤᠰᠢᠭᠤᠨ ᠳᠤ 4᠂ ᠴᠡᠭᠡ ᠪᠣᠭᠤᠮᠲᠠ ᠳᠤ 15︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠥᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ